ᠶᠡᠷᠦᠩᠬᠡᠶᠢᠯᠡᠭᠴᠢ ᠬ ∙ ᠪᠠᠲᠤᠲᠤᠯᠭ᠎ᠠ ᠭᠧᠷᠬᠤᠷᠳᠠ ᠸᠠᠯᠧᠷᠰ ᠢ ᠬᠦᠯᠢᠶᠡᠨ ᠠᠪᠴᠤ ᠠᠭᠤᠯᠵᠠᠪᠠ | News.MN

ᠶᠡᠷᠦᠩᠬᠡᠶᠢᠯᠡᠭᠴᠢ ᠬ ∙ ᠪᠠᠲᠤᠲᠤᠯᠭ᠎ᠠ ᠭᠧᠷᠬᠤᠷᠳᠠ ᠸᠠᠯᠧᠷᠰ ᠢ ᠬᠦᠯᠢᠶᠡᠨ ᠠᠪᠴᠤ ᠠᠭᠤᠯᠵᠠᠪᠠ

᠍ ᠤᠨ ᠺᠣᠩᠷᠠᠳ ᠠᠳᠧᠨᠠᠦ᠋ ᠍ ᠪᠡᠷ ᠰᠠᠩ ᠤᠨ ᠶᠡᠷᠦᠩᠬᠡᠢ ᠨᠠᠷᠢᠨ ᠪᠢᠴᠢᠭ ᠦᠨ ᠣᠷᠣᠯᠠᠭᠴᠢ ᠪᠥᠭᠡᠳ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠲᠥᠪ ᠭᠠᠵᠠᠷ ᠤᠨ ᠳᠠᠷᠤᠭ᠎ᠠ ᠳᠷ.ᠭᠧᠷᠬᠤᠷᠳᠠ ᠸᠠᠯᠧᠷᠰ ᠮᠣᠩᠭᠣᠯ ᠤᠯᠤᠰ ᠲᠤ ᠠᠵᠢᠯ ᠤᠨ ᠠᠶᠢᠯᠴᠢᠯᠠᠯ ᠬᠢᠵᠦ ᠪᠠᠶᠢᠨ᠎ᠠ᠃ ᠺᠣᠩᠷᠠᠳ ᠠᠳᠧᠨᠠᠦ᠋ ᠍ ᠪᠡᠷ ᠰᠠᠩ ᠨᠢ 1993 ᠣᠨ ᠠᠴᠠ ᠡᠬᠢᠯᠡᠨ ᠮᠣᠩᠭᠣᠯ ᠤᠯᠤᠰ ᠲᠤ ᠥᠪᠡᠷ ᠦᠨ ᠰᠠᠭᠤᠷᠢᠨ ᠲᠥᠯᠥᠭᠡᠯᠡᠭᠴᠢ ᠪᠡᠨ ᠲᠣᠮᠢᠯᠠᠨ ᠠᠵᠢᠯᠯᠠᠭᠰᠠᠨ ᠠᠩᠬᠠᠨ ᠤ ᠤᠯᠤᠰ ᠲᠥᠷᠥ ᠶᠢᠨ ᠰᠠᠩ ᠪᠥᠭᠡᠳ ᠡᠨᠡ ᠵᠢᠯ ᠬᠠᠮᠲᠤ ᠶᠢᠨ ᠠᠵᠢᠯᠯᠠᠭᠠᠨ ᠤ 25 ᠵᠢᠯ ᠦᠨ ᠣᠢ ᠲᠣᠬᠢᠶᠠᠵᠤ ᠪᠠᠶᠢᠭ᠎ᠠ ᠶᠤᠮ᠃ ᠡᠨᠡ ᠬᠦᠷᠢᠶᠡᠨ ᠳᠦ ᠨᠣᠶᠠᠨ ᠳᠷ.ᠭᠧᠷᠬᠤᠷᠳᠠ ᠸᠠᠯᠧᠷᠰ ᠮᠣᠩᠭᠣᠯ ᠤᠯᠤᠰ ᠲᠤ ᠠᠵᠢᠯ ᠤᠨ ᠠᠶᠢᠯᠴᠢᠯᠠᠯ ᠬᠢᠵᠦ᠂ ᠥᠨᠥᠳᠥᠷ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠭᠰᠠᠨ ᠶᠤᠮ᠃

ᠳᠷ.ᠭᠧᠷᠬᠤᠷᠳᠠ ᠸᠠᠯᠧᠷᠰ ᠠᠭᠤᠯᠵᠠᠯᠲᠠ ᠶᠢᠨ ᠡᠬᠢᠨ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠬᠠᠨᠳᠤᠨ ᠬᠦᠯᠢᠶᠡᠨ ᠠᠪᠴᠤ ᠠᠭᠤᠯᠵᠠᠵᠤ ᠪᠠᠶᠢᠭᠠᠳ ᠲᠠᠯᠠᠷᠬᠠᠭᠠᠳ᠂ ᠥᠩᠭᠡᠷᠡᠭᠰᠡᠨ 25 ᠵᠢᠯ ᠦᠨ ᠬᠤᠭᠤᠴᠠᠭᠠᠨ ᠳᠤ ᠣᠯᠠᠨ ᠲᠥᠰᠥᠯ᠂ ᠬᠥᠲᠥᠯᠪᠦᠷᠢ ᠨᠦᠭᠦᠳ ᠢ ᠠᠮᠵᠢᠯᠲᠠᠲᠠᠢ ᠬᠠᠮᠲᠤᠷᠠᠨ ᠬᠡᠷᠡᠭᠵᠢᠭᠦᠯᠵᠦ᠂ ᠮᠣᠩᠭᠣᠯ ᠤᠯᠤᠰ ᠤᠨ ᠠᠷᠠᠳᠴᠢᠯᠠᠯ ᠤᠨ ᠦᠢᠯᠡ ᠶᠠᠪᠤᠴᠠ ᠶᠢ ᠳᠡᠮᠵᠢᠵᠦ ᠢᠷᠡᠭᠰᠡᠨ ᠳᠦ ᠪᠡᠨ ᠰᠡᠳᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠭᠰᠡᠨ ᠶᠤᠮ᠃

ᠮᠥᠨ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠺᠣᠩᠷᠠᠳ ᠠᠳᠧᠨᠠᠦ᠋ ᠍ ᠪᠡᠷ ᠰᠠᠩ ᠨᠢ ᠮᠣᠩᠭᠣᠯ ᠤᠯᠤᠰ ᠲᠤ ᠥᠷᠨᠢᠭᠰᠡᠨ ᠠᠷᠠᠳᠴᠢᠯᠠᠯ ᠤᠨ ᠥᠭᠡᠷᠡᠴᠢᠯᠡᠯᠲᠡ ᠰᠢᠨᠡᠴᠢᠯᠡᠯ ᠢ ᠡᠬᠢᠨ ᠡᠴᠡ ᠨᠢ ᠳᠡᠮᠵᠢᠵᠦ ᠢᠷᠡᠭᠰᠡᠨ ᠢ ᠣᠨᠴᠠᠯᠠᠭᠠᠳ᠂ ᠤᠯᠤᠰ ᠲᠥᠷᠥ ᠶᠢᠨ ᠨᠠᠮ ᠤᠳ ᠪᠣᠯᠤᠨ ᠪᠤᠰᠤᠳ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠬᠤ ᠳᠤ ᠪᠠᠨ ᠵᠠᠯᠠᠭᠤ ᠪᠣᠯᠪᠠᠰᠤᠨ ᠬᠦᠴᠦᠨ ᠢ ᠪᠡᠯᠡᠳᠬᠡᠬᠦ ᠳᠦ ᠬᠠᠮᠲᠤᠷᠠᠨ ᠠᠵᠢᠯᠯᠠᠵᠤ ᠢᠷᠡᠭᠰᠡᠨ ᠳᠦ ᠲᠠᠯᠠᠷᠬᠠᠯ ᠢᠯᠡᠷᠬᠡᠶᠢᠯᠡᠪᠡ᠃ ᠮᠥᠨ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠰᠡᠭᠦᠯ ᠦᠨ ᠵᠢᠯ ᠦᠳ ᠲᠦ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠶᠢᠯᠴᠢᠯᠠᠯ ᠲᠣᠭᠲᠠᠮᠠᠯᠵᠢᠵᠤ ᠪᠠᠶᠢᠭ᠎ᠠ ᠳᠤ ᠰᠡᠳᠬᠢᠯ ᠬᠠᠩᠭᠠᠯᠤᠭᠤᠨ ᠪᠤᠢ ᠶᠢ ᠪᠠᠨ ᠢᠯᠡᠷᠬᠡᠶᠢᠯᠡᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠡᠳ᠋ ᠍ ᠦᠨ ᠵᠠᠰᠠᠭ ᠤᠨ ᠠᠭᠤᠯᠭ᠎ᠠ ᠪᠠᠷ ᠨᠢ ᠭᠦᠨᠵᠡᠭᠡᠶᠢᠷᠡᠭᠦᠯᠦᠨ ᠬᠥᠭᠵᠢᠭᠦᠯᠬᠦ ᠰᠣᠨᠢᠷᠬᠠᠯᠲᠠᠢ ᠪᠠᠶᠢᠭ᠎ᠠ ᠲᠠᠯ᠎ᠠ ᠪᠠᠷ ᠶᠠᠷᠢᠯ᠎ᠠ᠃

ᠳᠷ.ᠭᠧᠷᠬᠤᠷᠳᠠ ᠸᠠᠯᠧᠷᠰ ᠺᠣᠩᠷᠠᠳ ᠠᠳᠧᠨᠠᠦ᠋ ᠍ ᠪᠡᠷ ᠰᠠᠩ ᠨᠢ ᠮᠣᠩᠭᠣᠯ ᠤᠯᠤᠰ ᠲᠠᠢ ᠶᠠᠮᠠᠷ ᠴᠤ ᠰᠠᠯᠪᠤᠷᠢ ᠳᠤ ᠬᠠᠮᠲᠤᠷᠠᠨ ᠠᠵᠢᠯᠯᠠᠬᠤ ᠪᠦᠷᠢᠨ ᠪᠣᠯᠤᠮᠵᠢ ᠲᠠᠢ ᠭᠡᠳᠡᠭ ᠢᠶᠡᠨ ᠢᠯᠡᠷᠬᠡᠶᠢᠯᠡᠵᠦ᠂ ᠥᠩᠭᠡᠷᠡᠭᠰᠡᠨ ᠬᠤᠭᠤᠴᠠᠭᠠᠨ ᠳᠤ ᠮᠣᠩᠭᠣᠯ ᠤᠯᠤᠰ ᠲᠤ ᠥᠷᠨᠢᠵᠦ ᠪᠠᠶᠢᠭᠰᠠᠨ ᠠᠷᠠᠳᠴᠢᠯᠠᠯ ᠤᠨ ᠥᠭᠡᠷᠡᠴᠢᠯᠡᠯᠲᠡ᠂ ᠰᠢᠨᠡᠴᠢᠯᠡᠯ ᠢ ᠳᠡᠮᠵᠢᠵᠦ ᠢᠷᠡᠭᠰᠡᠨ ᠪᠣᠯ ᠣᠳᠣ ᠮᠣᠩᠭᠣᠯ ᠤᠯᠤᠰ ᠠᠴᠠ ᠰᠤᠷᠤᠯᠴᠠᠬᠤ ᠵᠦᠢᠯ ᠶᠡᠬᠡ ᠪᠣᠯᠤᠭᠰᠠᠨ ᠭᠡᠳᠡᠭ ᠢ ᠴᠣᠬᠣᠨ ᠲᠡᠮᠳᠡᠭᠯᠡᠪᠡ᠃ ᠮᠥᠨ ᠲᠠᠯ ᠤᠳ ᠤᠯᠤᠰ ᠲᠥᠷᠥ᠂ ᠡᠳ᠋ ᠍ ᠦᠨ ᠵᠠᠰᠠᠭ ᠤᠨ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠯ᠎ᠠ᠃

ᠠᠭᠤᠯᠵᠠᠯᠲᠠ ᠶᠢᠨ ᠲᠡᠭᠦᠰᠬᠡᠯ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠨᠣᠶᠠᠨ ᠳᠷ.ᠭᠧᠷᠬᠤᠷᠳᠠ ᠸᠠᠯᠧᠷᠰ ᠲᠦ ᠪᠣᠯᠤᠨ ᠲᠡᠭᠦᠪᠡᠷ ᠳᠠᠮᠵᠢᠭᠤᠯᠤᠨ ᠰᠠᠩ ᠤᠨ ᠨᠡᠶᠢᠲᠡ ᠬᠠᠮᠲᠤ ᠣᠯᠣᠩ ᠳᠤ ᠮᠣᠩᠭᠣᠯ ᠤᠯᠤᠰ ᠲᠠᠢ ᠬᠠᠮᠲᠤᠷᠠᠨ ᠠᠵᠢᠯᠯᠠᠵᠤ ᠢᠷᠡᠭᠰᠡᠨ ᠦ 25 ᠵᠢᠯ ᠦᠨ ᠣᠢ ᠶᠢᠨ ᠮᠡᠨᠳᠦ ᠬᠦᠷᠭᠡᠵᠦ᠂ ᠠᠵᠢᠯ ᠤᠨ ᠠᠮᠵᠢᠯᠲᠠ ᠬᠦᠰᠡᠯ᠎ᠡ᠃

ᠰᠡᠳᠬᠢᠭᠳᠡᠯ ᠦᠯᠡᠳᠡᠭᠡᠬᠦ