WTO ᠠᠴᠠ ᠭᠠᠷᠤᠨ᠎ᠠ ᠭᠡᠵᠤ ᠲᠷᠠᠮᠫ ᠰᠦᠷᠳᠡᠭᠦᠯᠪᠡ | News.MN

WTO ᠠᠴᠠ ᠭᠠᠷᠤᠨ᠎ᠠ ᠭᠡᠵᠤ ᠲᠷᠠᠮᠫ ᠰᠦᠷᠳᠡᠭᠦᠯᠪᠡ

ᠳᠡᠯᠡᠬᠡᠢ ᠶᠢᠨ ᠬᠤᠳᠠᠯᠳᠤᠭᠠᠨ ᠤ ᠪᠠᠶᠢᠭᠤᠯᠤᠯᠭ᠎ᠠ ᠠᠮᠧᠷᠢᠺᠠ ᠶᠢᠨ ᠨᠢᠭᠡᠳᠦᠭᠰᠡᠨ ᠤᠯᠤᠰ ᠲᠤ ᠬᠠᠨᠳᠤᠬᠤ ᠬᠠᠨᠳᠤᠯᠭ᠎ᠠ ᠪᠠᠨ ᠦᠭᠡᠷᠡᠴᠢᠯᠡᠬᠦ ᠦᠭᠡᠢ ᠪᠣᠯ ᠲᠤᠰ ᠪᠠᠶᠢᠭᠤᠯᠤᠯᠭ᠎ᠠ ᠠᠴᠠ ᠭᠠᠷᠤᠨ᠎ᠠ ᠭᠡᠵᠦ ᠲᠷᠠᠮᠫ ᠰᠦᠷᠳᠡᠭᠦᠯᠵᠡᠢ᠃
ᠳᠡᠯᠡᠬᠡᠢ ᠶᠢᠨ ᠬᠤᠳᠠᠯᠳᠤᠭᠠᠨ ᠤ ᠪᠠᠶᠢᠭᠤᠯᠤᠯᠭ᠎ᠠ ᠨᠢ ᠳᠡᠯᠡᠬᠡᠢ ᠶᠢᠨ ᠬᠤᠳᠠᠯᠳᠤᠭᠠᠨ ᠤ ᠳᠦᠷᠢᠮ ᠵᠢᠷᠤᠮ ᠢ ᠭᠠᠷᠭᠠᠵᠤ᠂ ᠤᠯᠤᠰ ᠬᠣᠭᠣᠷᠣᠨᠳᠣ ᠶᠢᠨ ᠮᠠᠷᠭᠤᠭᠠᠨ ᠢ ᠵᠣᠬᠢᠴᠠᠭᠤᠯᠬᠤ ᠡᠭᠦᠷᠭᠡ ᠲᠡᠢ ᠪᠠᠶᠢᠭᠤᠯᠤᠯᠭ᠎ᠠ ᠶᠤᠮ᠃ ᠭᠡᠪᠡᠴᠦ ᠬᠠᠮᠠᠭᠠᠯᠠᠯᠲᠠ ᠶᠢᠨ ᠪᠣᠳᠣᠯᠭ᠎ᠠ ᠶᠠᠪᠤᠭᠤᠯᠵᠤ ᠪᠤᠢ ᠳ ∙ ᠲᠷᠠᠮᠫ᠂  ᠲᠤᠰ ᠪᠠᠶᠢᠭᠤᠯᠤᠯᠭ᠎ᠠ ᠶᠢ ᠠᠮᠧᠷᠢᠺᠠ ᠳᠦ ᠰᠢᠳᠤᠷᠭᠤ ᠪᠤᠰᠤ ᠬᠠᠨᠳᠤᠵᠤ ᠪᠠᠶᠢᠨ᠎ᠠ ᠭᠡᠵᠦ ᠮᠡᠳᠡᠭᠳᠡᠵᠡᠢ᠃
ᠳᠡᠯᠡᠬᠡᠢ ᠶᠢᠨ ᠬᠤᠳᠠᠯᠳᠤᠭᠠᠨ ᠤ ᠪᠠᠶᠢᠭᠤᠯᠤᠯᠭ᠎ᠠ ᠍ ᠠᠴᠠ ᠠᠮᠧᠷᠢᠺᠠ ᠶᠢᠨ ᠨᠡᠷ᠎ᠡ ᠶᠢ ᠲᠠᠲᠠᠨ᠎ᠠ ᠭᠡᠵᠦ ᠲᠷᠠᠮᠫ ᠮᠡᠳᠡᠭᠳᠡᠭᠰᠡᠨ ᠨᠢ ᠲᠡᠭᠦᠨ ᠦ ᠬᠤᠳᠠᠯᠳᠤᠭᠠᠨ ᠤ ᠪᠣᠳᠣᠯᠭ᠎ᠠ ᠪᠣᠯᠤᠨ ᠳᠡᠯᠡᠬᠡᠢ ᠶᠢᠨ ᠬᠤᠳᠠᠯᠳᠤᠭᠠᠨ ᠤ ᠴᠢᠯᠦᠭᠡᠲᠦ ᠰᠢᠰᠲ᠋ᠧᠮ ᠬᠣᠶᠠᠷ ᠵᠥᠷᠢᠴᠡᠯᠳᠦᠵᠦ ᠪᠠᠶᠢᠭ᠎ᠠ ᠶᠢ ᠢᠯᠡᠳᠬᠡᠵᠦ ᠪᠠᠶᠢᠨ᠎ᠠ᠃ ᠡᠭᠦᠨ ᠦ ᠵᠡᠷᠭᠡᠴᠡᠭᠡ ᠳᠡᠯᠡᠬᠡᠢ ᠶᠢᠨ ᠬᠤᠳᠠᠯᠳᠤᠭᠠᠨ ᠤ ᠪᠠᠶᠢᠭᠤᠯᠤᠯᠭ᠎ᠠ ᠶᠢᠨ ᠮᠠᠷᠭᠤᠭᠠᠨ ᠵᠣᠬᠢᠴᠠᠭᠤᠯᠬᠤ ᠲᠣᠭᠲᠠᠯᠴᠠᠭᠠᠨ ᠳᠤ ᠰᠢᠨ᠎ᠡ ᠰᠢᠭᠦᠭᠴᠢ ᠶᠢ ᠲᠤᠮᠢᠯᠠᠬᠤ ᠦᠢᠯᠡ ᠠᠵᠢᠯᠯᠠᠭ᠎ᠠ ᠶᠢ ᠠᠮᠧᠷᠢᠺᠠ  ᠪᠣᠭᠣᠵᠤ ᠪᠠᠶᠢᠭ᠎ᠠ ᠪᠥᠭᠡᠳ ᠡᠨᠡ ᠨᠢ ᠰᠢᠢᠳᠪᠦᠷᠢ ᠭᠠᠷᠭᠠᠬᠤ ᠡᠷᠬᠡ ᠶᠢ ᠨᠢ ᠬᠢᠵᠠᠭᠠᠷᠯᠠᠬᠤ ᠨᠥᠬᠥᠴᠡᠯ ᠢ ᠪᠦᠷᠢᠳᠦᠭᠦᠯᠬᠦ ᠶᠤᠮ᠃ ᠠᠮᠧᠷᠢᠺᠠ ᠶᠢᠨ ᠨᠢᠭᠡᠳᠦᠭᠰᠡᠨ ᠤᠯᠤᠰ ᠤᠨ ᠬᠤᠳᠠᠯᠳᠤᠭᠠᠨ ᠤ ᠲᠥᠯᠥᠭᠡᠯᠡᠭᠴᠢ ᠷᠣᠪᠧᠷᠲ ᠯᠠᠶᠢᠲᠾᠢᠽᠸᠷ᠂ ᠠᠮᠧᠷᠢᠺᠠ ᠶᠢᠨ ᠪᠦᠷᠢᠨ ᠡᠷᠬᠡᠲᠦ ᠪᠠᠶᠢᠳᠠᠯ ᠳᠤ ᠬᠥᠨᠳᠡᠯᠡᠨ ᠡᠴᠡ ᠣᠷᠣᠯᠴᠠᠵᠤ ᠪᠠᠶᠢᠨ᠎ᠠ ᠭᠡᠵᠦ ᠳᠡᠯᠡᠬᠡᠢ ᠶᠢᠨ ᠬᠤᠳᠠᠯᠳᠤᠭᠠᠨ ᠤ ᠪᠠᠶᠢᠭᠤᠯᠤᠯᠭ᠎ᠠ ᠶᠢ ᠮᠥᠨ ᠪᠤᠷᠤᠭᠤᠰᠢᠶᠠᠭᠰᠠᠨ ᠪᠠᠶᠢᠨ᠎ᠠ᠃
ᠳ ∙ ᠨᠢᠮᠠᠲᠤᠯᠭ᠎ᠠ

ᠰᠡᠳᠬᠢᠭᠳᠡᠯ ᠦᠯᠡᠳᠡᠭᠡᠬᠦ