ᠡᠷᠢᠶᠡᠨ ‍ᠣ ᠲᠦᠯᠦᠭᠡᠯᠡᠭᠴᠢᠳ ᠠᠷᠤᠬᠠᠩᠭᠠᠢ ᠳᠤ ᠠᠶᠢᠯᠴᠢᠯᠠᠪᠠ | News.MN

ᠡᠷᠢᠶᠡᠨ ‍ᠣ ᠲᠦᠯᠦᠭᠡᠯᠡᠭᠴᠢᠳ ᠠᠷᠤᠬᠠᠩᠭᠠᠢ ᠳᠤ ᠠᠶᠢᠯᠴᠢᠯᠠᠪᠠ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠡᠷᠢᠶᠡᠨ ᠬᠣᠲᠠ ᠶᠢᠨ ᠨᠠᠮ ᠤᠨ ᠬᠣᠷᠢᠶᠠᠨ ᠤ ᠳᠠᠷᠤᠭ᠎ᠠ ᠲᠢᠶᠠᠨ ᠶᠦᠩ᠂ ᠨᠠᠮ ᠤᠨ ᠬᠣᠷᠢᠶᠠᠨ ᠤ ᠨᠠᠷᠢᠨ ᠪᠢᠴᠢᠭ ᠦᠨ ᠳᠠᠷᠤᠭ᠎ᠠ ᠶᠠᠩ  ᠵᠢᠨ ᠷᠦᠢ  ᠨᠠᠷ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠡᠨᠡ ᠠᠮᠠᠷᠠᠯᠲᠠ ᠶᠢᠨ ᠡᠳᠦᠷ ᠦᠳ ᠲᠦ ᠠᠷᠤᠬᠠᠩᠭᠠᠢ ᠠᠶᠢᠮᠠᠭ ᠲᠤ ᠠᠵᠢᠯ ᠤᠨ ᠠᠶᠢᠯᠴᠢᠯᠠᠯ ᠬᠢᠪᠡ᠃ ᠠᠶᠢᠯᠴᠢᠯᠠᠯ ᠤᠨ ᠦᠶ᠎ᠡ ᠪᠡᠷ ᠡᠷᠢᠶᠡᠨ ᠬᠣᠲᠠ ᠶᠢᠨ ᠲᠥᠯᠥᠭᠡᠯᠡᠭᠴᠢᠳ ᠦᠨ ᠵᠦᠭ ᠡᠴᠡ ᠪᠣᠯᠪᠠᠰᠤᠷᠠᠯ᠂ ᠰᠤᠶᠤᠯ᠂ ᠡᠷᠡᠭᠦᠯ ᠮᠡᠨᠳᠦ ᠶᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠶᠢᠯᠠᠪᠠᠯ ᠪᠠᠭᠰᠢ᠂ ᠰᠤᠷᠤᠭᠴᠢ ᠰᠣᠯᠢᠯᠴᠠᠭ᠎ᠠ ᠬᠢᠬᠦ ᠪᠣᠯᠤᠮᠵᠢ ᠲᠠᠢ ᠶᠢ ᠬᠡᠯᠡᠵᠦ ᠪᠠᠶᠢᠯ᠎ᠠ᠃
ᠮᠥᠨ ᠠᠶᠢᠮᠠᠭ ᠤᠨ ᠵᠠᠰᠠᠭ ᠳᠠᠷᠤᠭ᠎ᠠ ᠶᠢᠨ ᠵᠦᠭ ᠡᠴᠡ ᠪᠠᠶᠢᠭᠠᠯᠢ ᠶᠢᠨ ᠠᠶᠠᠯᠠᠯ ᠵᠢᠭᠤᠯᠴᠢᠯᠠᠯ᠂ ᠨᠡᠭᠦᠳᠡᠯ ᠦᠨ ᠠᠬᠤᠢ ᠶᠢᠨ ᠰᠤᠶᠤᠯ᠂ ᠮᠠᠯ ᠠᠵᠤ ᠠᠬᠤᠢ ᠵᠡᠷᠭᠡ ᠴᠢᠭᠯᠡᠯ ᠢᠶᠡᠷ ᠠᠶᠠᠯᠠᠯ ᠵᠢᠭᠤᠯᠴᠢᠯᠠᠯ ᠢ ᠲᠠᠲᠠᠵᠤ᠂ ᠬᠥᠭᠵᠢᠭᠦᠯᠵᠦ ᠪᠣᠯᠬᠤ ᠶᠤᠮ ᠭᠡᠳᠡᠭ ᠢ ᠬᠡᠯᠡᠪᠡ᠃
ᠡᠷᠢᠶᠡᠨ ᠬᠣᠲᠠ ᠶᠢᠨ ᠨᠠᠮ ᠤᠨ ᠬᠣᠷᠢᠶᠠᠨ ᠤ ᠳᠠᠷᠤᠭ᠎ᠠ ᠲᠢᠶᠠᠨ ᠶᠦᠩ᠂ ᠠᠶᠢᠮᠠᠭ ᠤᠨ ᠵᠠᠰᠠᠭ ᠳᠠᠷᠤᠭ᠎ᠠ ᠪᠣᠯᠤᠨ ᠠᠶᠢᠮᠠᠭ ᠤᠨ ᠤᠳᠤᠷᠢᠳᠤᠯᠭ᠎ᠠ ᠨᠤᠭᠤᠳ ᠢ ᠡᠷᠢᠶᠡᠨ ᠬᠤᠲᠠ ᠳᠤ ᠠᠶᠢᠯᠴᠢᠯᠠᠬᠤ ᠶᠢ ᠤᠷᠢᠪᠠ᠃
ᠪ᠂ ᠭᠡᠷᠡᠯᠲᠦ-ᠣᠳᠣ

ᠰᠡᠳᠬᠢᠭᠳᠡᠯ ᠦᠯᠡᠳᠡᠭᠡᠬᠦ