ᠠᠭᠤᠯᠠ ᠠᠭᠤᠷᠬᠠᠢ ᠶᠢᠨ ᠨᠢᠭᠤᠴᠠ ᠲᠠᠶᠢᠯᠤᠨ ᠢ ᠢᠯᠡ ᠪᠣᠯᠭᠠᠨ᠎ᠠ | News.MN

ᠠᠭᠤᠯᠠ ᠠᠭᠤᠷᠬᠠᠢ ᠶᠢᠨ ᠨᠢᠭᠤᠴᠠ ᠲᠠᠶᠢᠯᠤᠨ ᠢ ᠢᠯᠡ ᠪᠣᠯᠭᠠᠨ᠎ᠠ

ᠭᠧᠣᠯᠣᠭᠢ ᠶᠢᠨ ᠰᠤᠳᠤᠯᠭᠠᠨ ᠤ ᠠᠵᠢᠯ ᠤᠨ ᠵᠠᠷᠢᠮ ᠲᠠᠶᠢᠯᠤᠨ ᠮᠡᠳᠡᠭᠡᠯᠡᠯ ᠢ ᠨᠢᠭᠤᠴᠠ ᠠᠴᠠ ᠭᠠᠷᠭᠠᠵᠤ᠂ ᠣᠯᠠᠨ ᠨᠡᠶᠢᠲᠡ ᠳᠦ ᠠᠰᠢᠭᠯᠠᠭᠤᠯᠬᠤ ᠪᠣᠯᠤᠮᠵᠢ ᠲᠠᠢ ᠪᠣᠯᠵᠠᠢ᠃ ᠰᠢᠨ᠎ᠡ ᠪᠡᠷ ᠪᠠᠲᠤᠯᠠᠭᠳᠠᠭᠰᠠᠨ ᠲᠥᠷᠥ ᠶᠢᠨ ᠪᠣᠯᠤᠨ ᠠᠯᠪᠠᠨ ᠤ ᠨᠢᠭᠤᠴᠠ ᠶᠢᠨ ᠲᠤᠬᠠᠢ ᠬᠠᠤᠯᠢ ᠪᠠᠷ ᠨᠢᠭᠤᠴᠠᠯᠠᠬᠤ ᠱᠠᠭᠠᠷᠳᠠᠯᠭ᠎ᠠ ᠦᠭᠡᠢ ᠪᠣᠯᠤᠭᠰᠠᠨ ᠭᠧᠣᠯᠣᠭᠢ ᠶᠢᠨ ᠪᠠᠷᠢᠮᠲᠠ ᠶᠢᠨ ᠲᠥᠪ ᠲᠦ ᠨᠢᠭᠤᠴᠠ ᠶᠢᠨ ᠵᠡᠷᠭᠡᠯᠡᠯ ᠢᠶᠡᠷ ᠬᠠᠳᠠᠭᠠᠯᠠᠭᠳᠠᠵᠤ ᠪᠠᠶᠢᠭᠰᠠᠨ 49 ᠰᠢᠷᠬᠡᠭ ᠭᠧᠣᠯᠣᠭᠢ ᠶᠢᠨ ᠰᠤᠳᠤᠯᠭᠠᠨ ᠤ ᠠᠵᠢᠯ ᠤᠨ ᠲᠠᠶᠢᠯᠤᠨ ᠢ ᠨᠢᠭᠤᠴᠠ ᠶᠢᠨ ᠵᠡᠷᠭᠡ ᠡᠴᠡ ᠭᠠᠷᠭᠠᠭᠰᠠᠨ ᠪᠠᠶᠢᠨ᠎ᠠ᠃ ᠮᠥᠨ ᠣᠷᠣᠰ ᠤᠨ ᠷᠣᠰᠬᠧᠣᠯᠹᠣᠨᠳ᠋ ᠍ ᠠᠴᠠ ᠮᠣᠩᠭᠣᠯ ᠤᠯᠤᠰ ᠲᠤ ᠬᠦᠯᠢᠶᠡᠯᠭᠡᠨ ᠥᠭᠭᠦᠭᠰᠡᠨ ᠭᠧᠣᠯᠣᠭᠢ ᠶᠢᠨ ᠰᠤᠳᠤᠯᠭᠠᠨ ᠤ 70 ᠰᠢᠷᠬᠡᠭ ᠲᠠᠶᠢᠯᠤᠨ ᠢ ᠭᠧᠣᠯᠣᠭᠢ ᠶᠢᠨ ᠪᠠᠷᠢᠮᠲᠠ ᠶᠢᠨ ᠲᠥᠪ ᠲᠦ 2018 ᠣᠨ ᠤ ᠨᠠᠶᠢᠮᠠᠳᠤᠭᠠᠷ ᠰᠠᠷ᠎ᠠ ᠶᠢᠨ 12 ᠍ ᠤ ᠡᠳᠦᠷ ᠬᠦᠯᠢᠶᠡᠯᠭᠡᠨ ᠥᠭᠭᠦᠭᠰᠡᠨ ᠢᠶᠡᠷ ᠡᠷᠳᠡᠮ ᠰᠢᠨᠵᠢᠯᠡᠭᠡ᠂ ᠬᠠᠶᠢᠭᠤᠯ ᠰᠤᠳᠤᠯᠭᠠᠨ ᠤ ᠠᠵᠢᠯ ᠳᠤ ᠨᠡᠶᠢᠲᠡ ᠳᠦ ᠨᠡᠭᠡᠭᠡᠯᠲᠡᠲᠡᠢ ᠠᠰᠢᠭᠯᠠᠭᠤᠯᠬᠤ ᠪᠠᠷ ᠰᠢᠢᠳᠪᠦᠷᠢᠯᠡᠭᠰᠡᠨ ᠪᠠᠶᠢᠨ᠎ᠠ᠃
ᠷᠣᠰᠬᠧᠣᠯᠹᠣᠨᠳ᠋ ᠍ ᠠᠴᠠ ᠬᠦᠯᠢᠶᠡᠯᠭᠡᠨ ᠥᠭᠭᠦᠭᠰᠡᠨ ᠡᠳᠡᠭᠡᠷ ᠲᠠᠶᠢᠯᠤᠨ ᠨᠤᠭᠤᠳ ᠢ ᠰᠺᠠᠨᠧᠷᠳᠠᠵᠤ ︵ ᠭᠡᠷᠡᠯ ᠵᠢᠷᠤᠭ ᠤᠨ ᠬᠡᠯᠪᠡᠷᠢ ᠳᠦ ᠰᠢᠯᠵᠢᠭᠦᠯᠬᠦ ︶ CD ᠲᠥᠬᠥᠭᠡᠷᠦᠮᠵᠢ ᠳᠡᠭᠡᠷ᠎ᠡ ᠪᠠᠭᠤᠯᠭᠠᠵᠤ ᠢᠷᠡᠭᠦᠯᠦᠭᠰᠡᠨ ᠪᠥᠭᠡᠳ ᠠᠷᠬᠢᠪ ᠤᠨ ᠪᠣᠯᠪᠠᠰᠤᠷᠠᠭᠤᠯᠤᠯᠲᠠ ᠬᠢᠵᠦ᠂ ᠴᠠᠭᠠᠰᠤᠨ ᠳᠡᠭᠡᠷ᠎ᠡ ᠪᠠᠭᠤᠯᠭᠠᠨ ᠬᠠᠪᠲᠠᠰᠤᠯᠠᠵᠤ ᠪᠡᠯᠡᠳᠦᠭᠰᠡᠨ ᠦ ᠳᠠᠷᠠᠭ᠎ᠠ ᠨᠣᠮ ᠤᠨ ᠰᠠᠩ ᠢᠶᠠᠷ ᠳᠠᠮᠵᠢᠭᠤᠯᠵᠤ ᠦᠢᠯᠡᠴᠢᠯᠡᠭᠡᠨ ᠳᠦ ᠭᠠᠷᠭᠠᠬᠤ ᠪᠣᠯᠤᠮᠵᠢ ᠲᠠᠢ ᠪᠣᠯᠬᠤ ᠶᠤᠮ ᠪᠠᠶᠢᠨ᠎ᠠ᠃
ᠮ ᠂ ᠠᠮᠤᠷᠵᠢᠷᠭᠠᠯ

ᠰᠡᠳᠬᠢᠭᠳᠡᠯ ᠦᠯᠡᠳᠡᠭᠡᠬᠦ