ᠪᠠᠶᠢᠲᠤ ᠬᠠᠷᠪᠤᠭᠠᠨ ᠤ ᠨᠡᠭᠡᠭᠡᠯᠲᠡᠲᠡᠢ ᠲᠡᠮᠡᠴᠡᠭᠡᠨ ᠡᠬᠢᠯᠡᠯ᠎ᠡ | News.MN

ᠪᠠᠶᠢᠲᠤ ᠬᠠᠷᠪᠤᠭᠠᠨ ᠤ ᠨᠡᠭᠡᠭᠡᠯᠲᠡᠲᠡᠢ ᠲᠡᠮᠡᠴᠡᠭᠡᠨ ᠡᠬᠢᠯᠡᠯ᠎ᠡ

Mongolian archery open cup-2018 ᠨᠡᠭᠡᠭᠡᠯᠲᠡᠲᠡᠢ ᠲᠡᠮᠡᠴᠡᠭᠡᠨ ᠥᠨᠥᠳᠥᠷ ᠣᠯᠠᠨ ᠤᠯᠤᠰ ᠤᠨ ᠪᠠᠷᠢᠮᠵᠢᠶ᠎ᠠ ᠪᠦᠬᠦᠢ ︽ᠳᠠᠶᠢᠴᠢᠨ ᠴᠢᠨᠠᠷ ᠲᠡᠰᠪᠦᠷᠢ ᠶᠢᠨ ᠲᠠᠯᠠᠪᠤᠷ 360︾ ᠲᠠᠯᠠᠪᠠᠢ ᠳᠤ ᠡᠬᠢᠯᠡᠯ᠎ᠡ᠃ ᠨᠡᠭᠡᠭᠡᠯᠲᠡᠲᠡᠢ ᠲᠡᠮᠡᠴᠡᠭᠡᠨ ᠳᠦ ᠮᠣᠩᠭᠣᠯ ᠤᠨ ᠠᠷᠪᠠᠨ ᠪᠠᠶᠢᠭᠤᠯᠤᠯᠭ᠎ᠠ ᠶᠢᠨ 80᠂ ᠣᠷᠣᠰ ᠤᠨ ᠪᠤᠷᠢᠶᠠᠳ ᠤᠯᠤᠰ ᠤᠨ ᠠᠷᠪᠠ ᠭᠠᠷᠤᠢ ᠲᠠᠮᠢᠷᠴᠢᠳ ᠰᠡᠴᠡ ᠮᠡᠷᠭᠡᠨ ᠢᠶᠡᠨ ᠰᠤᠷᠢᠵᠤ ᠪᠠᠶᠢᠭ᠎ᠠ ᠠᠵᠠᠢ᠃ ᠲᠡᠳᠡ ᠤᠯᠢᠮᠫᠢᠺ ᠤᠨ ᠪᠠᠶᠢᠲᠤ ᠬᠠᠷᠪᠤᠭ᠎ᠠ ᠪᠤᠶᠤ ᠲᠠᠬᠢᠷ ᠨᠤᠮᠤ᠂ ᠺᠠᠮᠫᠤᠨᠳ᠋ ᠭᠡᠰᠡᠨ ᠬᠣᠶᠠᠷ ᠲᠥᠷᠥᠯ ᠢᠶᠡᠷ ᠭᠤᠷᠪᠠᠨ ᠡᠳᠦᠷ ᠦᠷᠢᠰᠦᠯᠳᠦᠬᠦ ᠶᠤᠮ ᠪᠠᠶᠢᠨ᠎ᠠ᠃
ᠡᠨᠡ ᠦᠶ᠎ᠡ ᠪᠡᠷ ᠮᠣᠩᠭᠣᠯ ᠤᠨ ᠪᠠᠶᠢᠲᠤ ᠬᠠᠷᠪᠤᠭᠠᠨ ᠤ ᠬᠣᠯᠪᠣᠭᠠᠨ ᠤ ᠶᠡᠷᠦᠩᠬᠡᠶᠢᠯᠡᠭᠴᠢ ᠫ ᠂ ᠴᠠᠭᠠᠨ᠄ ᠡᠨᠡ ᠲᠡᠮᠡᠴᠡᠭᠡᠨ ᠠᠽᠢᠶ᠎ᠠ ᠶᠢᠨ ᠨᠠᠭᠠᠳᠤᠮ ᠠᠮᠵᠢᠯᠲᠠ ᠲᠠᠢ ᠪᠣᠯᠤᠨ ᠥᠨᠳᠥᠷᠯᠡᠵᠦ ᠪᠠᠶᠢᠭ᠎ᠠ ᠡᠨᠡ ᠦᠶ᠎ᠡ ᠳᠦ ᠪᠣᠯᠵᠤ ᠪᠠᠶᠢᠨ᠎ᠠ᠃ ᠮᠥᠨ ᠥᠩᠭᠡᠷᠡᠭᠰᠡᠨ ᠬᠠᠪᠤᠷ ᠵᠤᠨ ᠤ 60 ᠣᠷᠴᠢᠮ ᠬᠣᠨᠣᠭ ᠲᠤ ᠪᠠᠶᠢᠲᠤ ᠶᠢᠨ ᠲᠠᠮᠢᠷᠴᠢᠳ᠂ ᠳᠠᠰᠬᠠᠯᠵᠢᠭᠤᠯᠤᠭᠴᠢᠳ ᠲᠡᠳᠡᠨ ᠦ ᠠᠷᠤ ᠭᠡᠷ ᠦᠨ ᠬᠢᠨ᠂ ᠰᠫᠣᠷᠲ ᠢ ᠳᠡᠮᠵᠢᠭᠴᠢᠳ᠂ ᠬᠠᠨᠳᠢᠪᠯᠠᠭᠴᠢᠳ ᠤᠨ ᠬᠦᠴᠦ ᠳᠡᠮᠵᠢᠯᠭᠡ ᠪᠡᠷ ᠪᠦᠲᠦᠭᠡᠨ ᠪᠠᠶᠢᠭᠤᠯᠤᠭᠰᠠᠨ ᠵᠣᠷᠢᠭᠤᠯᠤᠯᠲᠠ ᠶᠢᠨ ᠲᠠᠯᠠᠪᠠᠢ ᠳᠤ ᠪᠣᠯᠵᠤ ᠪᠠᠶᠢᠭ᠎ᠠ ᠪᠠᠷ ᠢᠶᠠᠨ ᠣᠨᠴᠠᠯᠢᠭ ᠶᠤᠮ᠃ ᠠᠽᠢᠶ᠎ᠠ ᠶᠢᠨ ᠨᠠᠭᠠᠳᠤᠮ ᠳᠤ ᠮᠠᠨ ᠤ ᠲᠠᠮᠢᠷᠴᠢᠳ ᠠᠮᠵᠢᠯᠲᠠ ᠪᠠᠨ ᠠᠬᠢᠭᠤᠯᠵᠤ ᠣᠷᠣᠯᠴᠠᠯ᠎ᠠ᠃
ᠮᠠᠨ ᠤ ᠪᠠᠶᠢᠲᠤ ᠬᠠᠷᠪᠤᠭᠠᠨ ᠤ ᠲᠠᠮᠢᠷᠴᠢᠳ  ᠪᠦᠭᠦᠳᠠ ᠨᠠᠶᠢᠷᠠᠮᠳᠠᠬᠤ ᠰᠤᠯᠤᠩᠭᠤᠰ ᠤᠯᠤᠰ᠍ ᠤᠨ ᠪᠠᠭ ᠢ ᠢᠯᠠᠭᠰᠠᠨ ᠨᠢ ᠡᠨᠡ ᠨᠠᠭᠠᠳᠤᠮ ᠤᠨ ᠲᠡᠦᠬᠡᠨ ᠠᠮᠵᠢᠯᠲᠠ ᠪᠣᠯᠤᠯ᠎ᠠ᠃ ᠲᠢᠪ ᠳᠡᠯᠡᠬᠡᠢ᠂  ᠤᠯᠢᠮᠫᠢᠺ ᠤᠨ ᠠᠪᠤᠷᠭᠤ ᠡᠮᠦᠨᠡᠲᠦ ᠰᠣᠯᠣᠩᠭᠣᠰ ᠤᠨ ᠲᠠᠮᠢᠷᠴᠢᠳ ᠢ ᠢᠯᠠᠭᠰᠠᠨ ᠨᠢ ᠮᠠᠨ ᠤ ᠲᠠᠮᠢᠷᠴᠢᠳ ᠲᠤᠤᠱᠲᠠᠢ᠂ ᠰᠡᠳᠬᠢᠯ ᠵᠢᠳᠬᠦᠯ ᠢᠶᠡᠨ ᠭᠠᠷᠭᠠᠵᠤ ᠪᠡᠯᠡᠳᠬᠡᠯ ᠰᠤᠷᠭᠠᠭᠤᠯᠢᠯᠲᠠ ᠪᠠᠨ ᠬᠢᠪᠡᠯ ᠠᠮᠵᠢᠯᠲᠠ ᠣᠶᠢᠷᠠᠬᠠᠨ ᠪᠠᠶᠢᠭ᠎ᠠ ᠶᠢ ᠬᠠᠷᠠᠭᠤᠯᠵᠤ ᠪᠠᠶᠢᠨ᠎ᠠ ᠭᠡᠵᠡᠢ᠃
ᠫ ᠂ ᠤᠷᠠᠨ᠎ᠠ

ᠰᠡᠳᠬᠢᠭᠳᠡᠯ ᠦᠯᠡᠳᠡᠭᠡᠬᠦ