ᠫ ᠂ ᠣᠷᠬᠣᠨ ᠠᠴᠠ ᠰᠡᠷᠭᠦᠭᠡᠰᠢ ᠢᠯᠡᠷᠡᠵᠡᠢ | News.MN

ᠫ ᠂ ᠣᠷᠬᠣᠨ ᠠᠴᠠ ᠰᠡᠷᠭᠦᠭᠡᠰᠢ ᠢᠯᠡᠷᠡᠵᠡᠢ

ᠠᠽᠢᠶ᠎ᠠ ᠶᠢᠨ ᠵᠤᠨ ᠤ ᠨᠠᠭᠠᠳᠤᠮ ᠳᠤ ᠣᠷᠣᠯᠴᠠᠵᠤ᠂ ᠠᠯᠲᠠᠨ ᠮᠧᠳᠠᠯ ᠬᠦᠷᠲᠡᠭᠡᠳ ᠪᠠᠶᠢᠭ᠎ᠠ ᠭᠠᠪᠢᠶᠠᠲᠤ ᠲᠠᠮᠢᠷᠴᠢᠨ ᠫ ᠂ ᠣᠷᠬᠣᠨ ᠡᠴᠡ ᠰᠡᠷᠭᠦᠭᠡᠰᠢ ᠢᠯᠡᠷᠡᠭᠰᠡᠨ ᠭᠡᠬᠦ ᠮᠡᠳᠡᠭᠡᠯᠡᠯ ᠥᠩᠭᠡᠷᠡᠭᠴᠢ ᠪᠠᠰᠠᠩ ᠭᠠᠷᠠᠭ ᠲᠤ ᠮᠣᠩᠭᠣᠯ ᠤᠨ ᠬᠡᠪᠯᠡᠯ ᠦᠳ ᠪᠣᠯᠤᠨ ᠣᠯᠠᠨ ᠨᠡᠶᠢᠲᠡ ᠶᠢᠨ ᠰᠦᠯᠵᠢᠶᠡᠨ ᠳᠦ ᠭᠡᠷᠡᠯ ᠦᠨ ᠬᠤᠷᠳᠤ ᠪᠠᠷ ᠲᠠᠷᠠᠵᠤ ᠡᠬᠢᠯᠡᠭᠰᠡᠨ᠃ ᠲᠡᠷᠡᠪᠡᠷ ᠤᠭ ᠨᠠᠭᠠᠳᠤᠮ ᠳᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠬᠦᠷᠡᠯ ᠮᠧᠳᠠᠯ ᠳᠤ᠂ ᠠᠽᠢᠶ᠎ᠠ ᠶᠢᠨ ᠬᠣᠱᠣᠢ ᠠᠪᠤᠷᠭᠤ   ᠺᠢᠷᠭᠢᠽᠲ᠋ᠠᠨ ᠤ ᠠᠶᠢᠰᠤᠯᠤ᠋ ᠲᠢᠨᠢᠪᠸᠺᠤᠸᠠ ᠶᠢ ᠴᠡᠪᠡᠷ ᠢᠯᠠᠭᠰᠠᠨ ᠢᠶᠠᠷ ᠠᠯᠲᠠᠨ ᠮᠧᠳᠠᠯ ᠤᠨ ᠡᠵᠡᠨ ᠪᠣᠯᠤᠭᠰᠠᠨ ᠶᠤᠮ᠃ ᠬᠠᠮᠤᠭ ᠤᠨ ᠬᠠᠴᠢᠷᠬᠠᠯᠲᠠᠢ ᠨᠢ ᠪᠠᠶᠢᠩᠭᠤ ᠲᠡᠮᠡᠴᠡᠭᠡᠨ ᠤᠷᠤᠯᠳᠤᠭᠠᠨ ᠳᠤ ᠣᠷᠣᠵᠤ ᠰᠢᠨᠵᠢᠯᠡᠭᠡ ᠬᠢᠯᠭᠡᠭᠡᠳ ᠶᠠᠪᠤᠵᠤ ᠪᠠᠶᠢᠭᠰᠠᠨ ᠲᠠᠮᠢᠷᠴᠢᠨ ᠠᠴᠠ ᠭᠡᠨᠡᠳᠲᠡ ᠶᠠᠭᠠᠬᠢᠭᠠᠳ  ᠰᠡᠷᠭᠦᠭᠡᠰᠢ ᠶᠢᠨ ᠬᠠᠮᠤᠭ ᠤᠨ ᠬᠦᠴᠦᠲᠡᠢ ᠲᠥᠷᠥᠯ ᠢᠯᠡᠷᠡᠬᠦ ᠪᠣᠯᠪᠠ ᠭᠡᠬᠦ ᠠᠰᠠᠭᠤᠳᠠᠯ ᠬᠠᠷᠢᠭᠤᠯᠲᠠ ᠨᠡᠬᠡᠵᠦ ᠪᠠᠶᠢᠨ᠎ᠠ᠃ ᠣᠳᠣ ᠪᠠᠷ ᠰᠫᠣᠷᠲ ᠤᠨ ᠬᠣᠯᠪᠣᠭ᠎ᠠ ᠠᠯᠪᠠᠨ ᠶᠣᠰᠣᠨ ᠤ ᠪᠠᠶᠢᠷᠢ ᠰᠠᠭᠤᠷᠢ ᠪᠠᠨ ᠢᠯᠡᠷᠬᠡᠶᠢᠯᠡᠭᠡ ᠦᠭᠡᠢ᠂ ᠫ ᠂ ᠣᠷᠬᠣᠨ ᠥᠪᠡᠷ ᠢᠶᠡᠨ ᠴᠤ ᠠᠮᠠ ᠨᠡᠭᠡᠭᠡᠭᠡ ᠦᠭᠡᠢ ᠪᠠᠶᠢᠭ᠎ᠠ ᠶᠤᠮ᠃
ᠡᠨᠡ ᠲᠠᠯ᠎ᠠ ᠪᠠᠷ ᠯᠠᠪᠯᠠᠬᠤ ᠪᠠᠷ ᠫ ᠂ ᠣᠷᠬᠣᠨ ᠤ ᠳᠠᠰᠬᠠᠯᠵᠢᠭᠤᠯᠤᠭᠴᠢ ᠼ ᠂ ᠬᠣᠣᠰᠪᠠᠶᠠᠷ ᠲᠠᠢ ᠬᠣᠯᠪᠣᠭᠳᠠᠬᠤ ᠳᠤ᠄ ᠪᠢ ᠥᠪᠡᠷ ᠢᠶᠡᠨ ᠵᠠᠺᠠᠷᠲ᠋ᠠ ᠤᠷᠤᠭᠤ ᠬᠠᠮᠲᠤ ᠶᠠᠪᠤᠭ᠎ᠠ ᠦᠭᠡᠢ ᠪᠤᠯᠬᠤᠷ ᠮᠡᠳᠡᠭᠡᠯᠡᠯ ᠦᠭᠡᠢ ᠪᠠᠶᠢᠨ᠎ᠠ᠃ ᠶᠠᠮᠠᠷ ᠲᠠᠢ ᠴᠤ ᠴᠢᠯᠦᠭᠡᠲᠦ ᠪᠥᠬᠡ ᠶᠢᠨ ᠬᠣᠯᠪᠣᠭ᠎ᠠ ᠪᠣᠯᠤᠨ ᠫ ᠂ ᠣᠷᠬᠣᠨ ᠢ ᠠᠪᠴᠤ ᠶᠠᠪᠤᠭᠰᠠᠨ ᠳᠠᠰᠬᠠᠯᠵᠢᠭᠤᠯᠤᠭᠴᠢ ᠨᠠᠷ ᠣᠳᠣ ᠶᠢ ᠬᠦᠷᠲᠡᠯ᠎ᠡ ᠨᠠᠳᠠ ᠲᠠᠢ ᠬᠣᠯᠪᠣᠭᠳᠠᠭ᠎ᠠ ᠦᠭᠡᠢ᠃
ᠫ ᠂ ᠣᠷᠬᠣᠨ ᠮᠠᠨᠢ ᠰᠡᠳᠬᠢᠯ ᠰᠠᠨᠠᠭᠠᠨ ᠤ ᠬᠦᠨᠳᠦ ᠳᠠᠷᠤᠮᠲᠠ ᠳᠤ ᠪᠠᠶᠢᠭ᠎ᠠ᠃  ᠨᠠᠮᠠᠶᠢ ᠲᠸᠢᠲ᠋ᠲ᠋ᠧᠷ ︵ᠤᠯᠠᠨ ᠨᠡᠶᠢᠲᠡ ᠶᠢᠨ ᠰᠦᠯᠵᠢᠶ᠎ᠡ︶ ᠲᠦ ᠰᠡᠷᠭᠦᠭᠡᠰᠢ ᠶᠢᠨ ᠠᠰᠠᠭᠤᠳᠠᠯ ᠳᠤ ᠰ ᠂ᠪᠠᠲᠤᠴᠡᠴᠡᠭ ᠢ ᠬᠠᠷᠠᠳᠠᠵᠤ ᠪᠠᠶᠢᠨ᠎ᠠ ᠭᠡᠬᠦ ᠮᠡᠳᠡᠭᠡᠯᠡᠯ ᠶᠠᠪᠤᠭᠠᠳ ᠪᠠᠶᠢᠨ᠎ᠠ᠃ ᠭᠡᠬᠦ ᠳᠦ ᠪᠡᠨ ᠡᠨᠡ ᠪᠣᠯ ᠬᠤᠳᠠᠯ ᠮᠡᠳᠡᠭᠡᠯᠡᠯ᠃ ᠪᠢ ᠳᠡᠭᠡᠷᠡᠬᠢ ᠶᠠᠪᠤᠳᠠᠯ ᠤᠨ ᠤᠴᠢᠷ ᠢ ᠣᠯᠤᠭ᠎ᠠ ᠦᠭᠡᠢ ᠪᠠᠶᠢᠵᠤ ᠬᠡᠨ ᠨᠢᠭᠡᠨ ᠢ ᠪᠤᠷᠤᠭᠤᠳᠬᠠᠬᠤ ᠦᠭᠡᠢ ᠭᠡᠰᠡᠨ᠃ ᠲᠡᠭᠦᠨ ᠡᠴᠡ ᠠᠽᠢᠶ᠎ᠠ ᠶᠢᠨ ᠨᠠᠭᠠᠳᠤᠮ ᠳᠤ ᠫ ᠂ ᠣᠷᠬᠣᠨ ᠲᠠᠢ ᠬᠠᠮᠲᠤ ᠶᠠᠪᠤᠬᠤ ᠪᠣᠯᠤᠮᠵᠢ ᠪᠠᠶᠢᠭᠰᠠᠨ ᠡᠰᠡᠬᠦ ᠶᠢ ᠠᠰᠠᠭᠤᠬᠤ ᠳᠤ ᠄ᠡᠨᠡ ᠲᠠᠯ᠎ᠠ ᠪᠠᠷ ᠶᠠᠷᠢᠮᠠᠷ ᠦᠭᠡᠢ ᠪᠠᠶᠢᠨ᠎ᠠ ᠭᠡᠬᠦ ᠬᠠᠷᠢᠭᠤᠯᠲᠠ ᠶᠢ ᠦᠭᠭᠦᠯ᠎ᠡ᠃  ᠬᠠᠷᠢᠨ ᠴᠢᠯᠦᠭᠡᠲᠦ ᠪᠥᠬᠡ ᠶᠢᠨ ᠬᠣᠯᠪᠣᠭ᠎ᠠ᠄ ᠪᠢᠳᠡ ᠨᠠᠷ ᠣᠳᠣᠬᠠᠨ ᠳᠤ ᠪᠠᠨ ᠶᠠᠮᠠᠷ ᠴᠤ ᠮᠡᠳᠡᠭᠡᠯᠡᠯ ᠥᠭᠬᠦ ᠪᠣᠯᠤᠮᠵᠢ ᠦᠭᠡᠢ ᠪᠠᠶᠢᠨ᠎ᠠ᠃ ᠤᠯᠢᠮᠫᠢᠺ ᠤᠨ ᠬᠣᠷᠢᠶᠠᠨ ᠠᠴᠠ ᠠᠰᠠᠭᠤ ᠬᠡᠮᠡᠪᠡ᠃

ᠰᠡᠳᠬᠢᠭᠳᠡᠯ ᠦᠯᠡᠳᠡᠭᠡᠬᠦ