《ᠠᠽᠢᠶ᠎ᠠ ᠶᠢᠨ ᠤᠯᠤᠰ ᠤᠳ ᠲᠤ ᠰᠠᠶᠢᠨ ᠵᠠᠰᠠᠭᠯᠠᠯ ᠢ ᠪᠡᠬᠢᠵᠢᠭᠦᠯᠬᠦ ᠨᠢ》ᠴᠢᠭᠤᠯᠭᠠᠨ ᠪᠣᠯᠵᠤ ᠪᠠᠶᠢᠨ᠎ᠠ | News.MN

《ᠠᠽᠢᠶ᠎ᠠ ᠶᠢᠨ ᠤᠯᠤᠰ ᠤᠳ ᠲᠤ ᠰᠠᠶᠢᠨ ᠵᠠᠰᠠᠭᠯᠠᠯ ᠢ ᠪᠡᠬᠢᠵᠢᠭᠦᠯᠬᠦ ᠨᠢ》ᠴᠢᠭᠤᠯᠭᠠᠨ ᠪᠣᠯᠵᠤ ᠪᠠᠶᠢᠨ᠎ᠠ

︽ᠠᠽᠢᠶ᠎ᠠ ᠶᠢᠨ ᠤᠯᠤᠰ ᠤᠳ ᠲᠤ ᠰᠠᠶᠢᠨ ᠵᠠᠰᠠᠭᠯᠠᠯ ᠢ ᠪᠡᠬᠢᠵᠢᠭᠦᠯᠬᠦ ᠨᠢ︾ ᠣᠯᠠᠨ ᠤᠯᠤᠰ ᠤᠨ ᠴᠢᠭᠤᠯᠭᠠᠨ ᠲᠥᠷᠥ ᠶᠢᠨ ᠣᠷᠳᠣᠨ ᠳᠤ ᠡᠬᠢᠯᠡᠯ᠎ᠡ᠃ ᠲᠤᠰ ᠴᠢᠭᠤᠯᠭᠠᠨ ᠳᠤ ᠨᠤᠲᠤᠭ ᠤᠨ ᠤᠳᠤᠷᠢᠳᠤᠯᠭ᠎ᠠ ᠶᠢᠨ ᠰᠠᠨᠠᠭᠠᠴᠢᠯᠠᠭ᠎ᠠ ᠪᠠ ᠰᠦᠯᠵᠢᠶ᠎ᠡ ᠣᠯᠠᠨ ᠤᠯᠤᠰ ᠤᠨ ᠭᠡᠰᠢᠭᠦᠨ ᠤᠯᠤᠰ ᠣᠷᠣᠨ ᠨᠤᠭᠤᠳ ᠤᠨ ᠲᠥᠯᠥᠭᠡᠯᠡᠭᠴᠢᠳ ᠪᠣᠯᠤᠨ ᠶᠠᠮᠤᠳ ᠤᠨ ᠲᠥᠷᠥ ᠶᠢᠨ ᠵᠠᠬᠢᠷᠭ᠎ᠠ ᠤᠳᠤᠷᠢᠳᠤᠯᠭ᠎ᠠ ᠶᠢᠨ ᠭᠠᠵᠠᠷ ᠤᠨ ᠳᠠᠷᠤᠭ᠎ᠠ ᠨᠠᠷ᠂ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠨᠠᠷ᠂ ᠵᠠᠷᠢᠮ ᠲᠥᠷᠥ ᠶᠢᠨ ᠪᠤᠰᠤ ᠪᠠᠶᠢᠭᠤᠯᠤᠯᠭ᠎ᠠ ᠶᠢᠨ ᠠᠵᠢᠯᠲᠠᠨ ᠣᠷᠣᠯᠴᠠᠵᠤ ᠪᠠᠶᠢᠨ᠎ᠠ᠃
ᠴᠢᠭᠤᠯᠭᠠᠨ ᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ᠂ ᠠᠽᠢᠶ᠎ᠠ ᠶᠢᠨ ᠨᠤᠲᠤᠭ ᠤᠨ ᠤᠳᠤᠷᠢᠳᠤᠯᠭ᠎ᠠ ᠶᠢᠨ ᠰᠠᠨᠠᠭᠠᠴᠢᠯᠠᠭ᠎ᠠ ᠪᠠ ᠰᠦᠯᠵᠢᠶ᠎ᠡ ᠣᠯᠠᠨ ᠤᠯᠤᠰ ᠤᠨ ᠪᠠᠶᠢᠭᠤᠯᠤᠯᠭ᠎ᠠ ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃ ᠤᠯᠤᠰ ᠣᠷᠣᠨ ᠨᠤᠭᠤᠳ ᠥᠪᠡᠷ ᠦᠨ ᠣᠷᠣᠨ ᠳᠤ ᠬᠡᠷᠡᠭᠵᠢᠭᠦᠯᠵᠦ᠂ ᠦᠷ᠎ᠡ ᠳ᠋ᠦᠩ ᠳᠦ ᠬᠦᠷᠦᠭᠰᠡᠨ ᠰᠠᠶᠢᠨ ᠵᠠᠰᠠᠭᠯᠠᠯ ᠤᠨ ᠲᠤᠷᠰᠢᠯᠭ᠎ᠠ ᠪᠠᠨ ᠬᠠᠷᠢᠯᠴᠠᠨ ᠬᠤᠪᠢᠶᠠᠯᠴᠠᠬᠤ ᠪᠣᠯᠤᠮᠵᠢ ᠣᠯᠭᠤᠬᠤ ᠳᠤ ᠡᠨᠡᠬᠦ ᠴᠢᠭᠤᠯᠭᠠᠨ ᠤ ᠵᠣᠷᠢᠯᠭ᠎ᠠ ᠪᠣᠯᠤᠭᠠᠳ ᠠᠴᠢ ᠬᠣᠯᠪᠣᠭᠳᠠᠯ ᠣᠷᠣᠰᠢᠵᠤ ᠪᠠᠶᠢᠭ᠎ᠠ ᠠᠵᠢ᠃ ᠴᠢᠭᠤᠯᠭᠠᠨ ᠢᠶᠠᠷ ᠠᠽᠢᠶ᠎ᠠ ᠶᠢᠨ 11 ᠤᠯᠤᠰ ᠤᠨ 22 ᠪᠠᠶᠢᠭᠤᠯᠤᠯᠭ᠎ᠠ ᠰᠠᠶᠢᠨ ᠵᠠᠰᠠᠭᠯᠠᠯ ᠪᠣᠯᠤᠨ ᠰᠢᠭᠤᠳ ᠠᠷᠠᠳᠴᠢᠯᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠢᠷᠭᠡᠳ ᠦᠨ ᠣᠷᠣᠯᠴᠠᠭ᠎ᠠ ᠪᠠ ᠨᠡᠶᠢᠭᠡᠮ ᠤᠨ ᠬᠠᠷᠢᠭᠤᠴᠠᠯᠭ᠎ᠠ᠂ ᠰᠣᠩᠭᠣᠭᠤᠯᠢ ᠳᠤ ᠲᠠᠯᠪᠢᠬᠤ ᠢᠷᠭᠡᠳ ᠦᠨ ᠬᠢᠨᠠᠯᠲᠠ᠂ ᠡᠮᠡᠭᠲᠡᠶᠢᠴᠦᠳ ᠦᠨ ᠤᠯᠤᠰ ᠲᠥᠷᠥ ᠶᠢᠨ ᠣᠷᠣᠯᠴᠠᠭ᠎ᠠ᠂ ᠣᠷᠣᠨ ᠨᠤᠲᠤᠭ ᠤᠨ ᠴᠢᠳᠠᠪᠬᠢ ᠶᠢ ᠪᠡᠬᠢᠵᠢᠭᠦᠯᠬᠦ ᠨᠢ ᠵᠡᠷᠭᠡ ᠣᠯᠠᠨ ᠰᠡᠳᠦᠪ ᠦᠨ ᠬᠦᠷᠢᠶᠡᠨ ᠳᠦ ᠥᠪᠡᠷᠰᠡᠳ ᠦᠨ ᠲᠤᠭᠤᠯᠤᠭᠰᠠᠨ ᠵᠠᠮᠨᠠᠯ᠂ ᠠᠯᠳᠠᠭ᠎ᠠ ᠣᠨᠣᠭ᠎ᠠ᠂ ᠲᠤᠷᠰᠢᠯᠭ᠎ᠠ ᠠᠴᠠ ᠪᠠᠨ ᠬᠤᠪᠢᠶᠠᠯᠴᠠᠨ᠎ᠠ᠃ ᠮᠥᠨ ᠨᠤᠲᠤᠭ ᠤᠨ ᠤᠳᠤᠷᠢᠳᠤᠯᠭ᠎ᠠ ᠪᠣᠯᠤᠨ ᠪᠤᠰᠤᠳ ᠴᠢᠭᠯᠡᠯ ᠢᠶᠡᠷ ᠨᠡᠪᠲᠡᠷᠡᠭᠦᠯᠵᠦ ᠪᠤᠢ ᠥᠪᠡᠷᠰᠡᠳ ᠦᠨ ᠰᠠᠶᠢᠨ ᠲᠤᠷᠰᠢᠯᠭ᠎ᠠ ᠠᠴᠠ ᠪᠠᠨ ᠮᠠᠨ ᠤ ᠣᠷᠣᠨ ᠤ ᠵᠢᠷᠭᠤᠭᠠᠨ ᠪᠠᠶᠢᠭᠤᠯᠤᠯᠭ᠎ᠠ ᠬᠤᠷᠠᠯ ᠳᠤ ᠣᠷᠣᠯᠴᠠᠭᠴᠢᠳ ᠲᠤ ᠲᠠᠨᠢᠯᠴᠠᠭᠤᠯᠭ᠎ᠠ ᠬᠢᠬᠦ ᠶᠤᠮ᠃
ᠲᠡᠭᠦᠨᠴᠢᠯᠡᠨ ᠨᠡᠶᠢᠰᠯᠡᠯ ᠦᠨ  ᠳᠡᠭᠦᠷᠭᠡ ᠨᠦᠭᠦᠳ᠂ ᠠᠶᠢᠮᠠᠭ ᠤᠨ ᠲᠥᠪ ᠦᠳ ᠲᠦ ᠬᠡᠷᠡᠭᠵᠢᠭᠦᠯᠵᠦ ᠪᠤᠢ ᠲᠥᠷᠥ ᠶᠢᠨ ᠦᠢᠯᠡᠴᠢᠯᠡᠭᠡ ᠶᠢ ᠢᠷᠭᠡᠳ ᠲᠦ ᠣᠶᠢᠷᠠᠲᠤᠭᠤᠯᠵᠤ᠂ ᠲᠥᠪᠯᠡᠷᠡᠯ ᠢ ᠰᠠᠭᠠᠷᠠᠭᠤᠯᠬᠤ ᠪᠣᠳᠣᠯᠭ᠎ᠠ ᠶᠢᠨ ᠬᠦᠷᠢᠶᠡᠨ ᠳᠦ ᠬᠢᠭᠳᠡᠭᠰᠡᠨ ᠠᠵᠢᠯ ᠤᠨ ᠵᠢᠱᠢᠶ᠎ᠡ ᠪᠣᠯᠬᠤ ᠲᠥᠪ ᠠᠶᠢᠮᠠᠭ ᠤᠨ  ᠵᠠᠭᠤᠨᠮᠤᠳᠤ ᠬᠣᠲᠠ᠂ ᠨᠡᠶᠢᠰᠯᠡᠯ ᠦᠨ ᠳᠦᠩᠵᠢᠨᠭᠠᠷᠪᠣ ᠲᠦᠪ ᠲᠦ ᠲᠤᠰ ᠲᠤᠰ ᠠᠵᠢᠯᠯᠠᠵᠤ ᠪᠠᠶᠢᠭ᠎ᠠ  ︽ᠨᠢᠭᠡ ᠴᠡᠭ ᠦᠨ ᠦᠢᠯᠡᠴᠢᠯᠡᠭᠡ 》 ᠶᠢᠨ ᠦᠢᠯᠡ ᠠᠵᠢᠯᠯᠠᠭ᠎ᠠ ᠶᠢ ᠬᠤᠷᠠᠯ ᠤᠨ ᠲᠥᠯᠥᠭᠡᠯᠡᠭᠴᠢᠳ ᠲᠦ ᠪᠡᠶᠡᠴᠢᠯᠡᠨ ᠲᠠᠨᠢᠯᠴᠠᠭᠤᠯᠬᠤ ᠶᠤᠮ᠃ ᠮᠣᠩᠭᠣᠯ ᠤᠯᠤᠰ ᠭᠡᠰᠢᠭᠦᠨ ᠢᠶᠡᠷ ᠡᠯᠰᠡᠨ ᠣᠷᠣᠭᠰᠠᠨ ᠡᠨᠡᠬᠦ  ︽ᠨᠤᠲᠤᠭ ᠤᠨ ᠤᠳᠤᠷᠢᠳᠤᠯᠭ᠎ᠠ ᠶᠢᠨ ᠰᠠᠨᠠᠭᠠᠴᠢᠯᠠᠭ᠎ᠠ ᠪᠠ ᠰᠦᠯᠵᠢᠶ᠎ᠡ ︾ ᠍ ᠳᠦ ᠡᠳᠦᠭᠡ ᠠᠽᠢᠶ᠎ᠠ ᠶᠢᠨ 12 ᠣᠷᠣᠨ ᠤ 125 ᠪᠠᠶᠢᠭᠤᠯᠤᠯᠭ᠎ᠠ ᠨᠢᠭᠡᠳᠦᠭᠰᠡᠨ ᠪᠠᠶᠢᠨ᠎ᠠ᠃
ᠳ ᠂ ᠲᠤᠶᠠᠭ᠎ᠠ

ᠰᠡᠳᠬᠢᠭᠳᠡᠯ ᠦᠯᠡᠳᠡᠭᠡᠬᠦ