《ᠮᠣᠩᠭᠣᠯ ᠤᠨ ᠨᠢᠭᠤᠴᠠ ᠲᠤᠪᠴᠢᠶᠠᠨ ᠲᠦᠭᠡᠮᠡᠯ ᠡᠬᠡ 》ᠨᠣᠮ ᠤᠨ ᠳᠡᠯᠭᠡᠴᠡ ᠶᠢᠨ ᠬᠤᠪᠢᠯᠪᠤᠷᠢ ᠶᠢ ᠲᠠᠨᠢᠯᠴᠠᠭᠤᠯᠪᠠ | News.MN

《ᠮᠣᠩᠭᠣᠯ ᠤᠨ ᠨᠢᠭᠤᠴᠠ ᠲᠤᠪᠴᠢᠶᠠᠨ ᠲᠦᠭᠡᠮᠡᠯ ᠡᠬᠡ 》ᠨᠣᠮ ᠤᠨ ᠳᠡᠯᠭᠡᠴᠡ ᠶᠢᠨ ᠬᠤᠪᠢᠯᠪᠤᠷᠢ ᠶᠢ ᠲᠠᠨᠢᠯᠴᠠᠭᠤᠯᠪᠠ

ᠥᠨᠥᠳᠥᠷ ︽ᠮᠣᠩᠭᠣᠯ ᠤᠨ ᠨᠢᠭᠤᠴᠠ ᠲᠤᠪᠴᠢᠶᠠᠨ ᠢ ᠳᠡᠯᠡᠬᠡᠢ ᠳᠦ ᠲᠦᠭᠡᠭᠡᠶ᠎ᠡ︾ ᠰᠠᠩ ᠤᠨ ᠡᠭᠦᠰᠬᠡᠨ ᠪᠠᠶᠢᠭᠤᠯᠤᠭᠴᠢ᠂ ᠵᠢᠷᠤᠭᠠᠴᠢ ᠷ∙ᠪᠠᠲᠤᠴᠡᠩᠭᠡᠯ ︽ᠮᠣᠩᠭᠣᠯ ᠤᠨ ᠨᠢᠭᠤᠴᠠ ᠲᠤᠪᠴᠢᠶᠠᠨ ᠲᠦᠭᠡᠮᠡᠯ ᠡᠬᠡ ︾ ᠨᠣᠮ ᠤᠨ ᠳᠡᠯᠭᠡᠴᠡ ᠶᠢᠨ ᠬᠤᠪᠢᠯᠪᠤᠷᠢ  (Motion illustration ᠪᠤᠶᠤ ᠬᠥᠳᠡᠯᠭᠡᠭᠡᠨ ᠳᠦ ᠴᠤᠪᠤᠷᠠᠯ)  ᠶᠢ ᠣᠯᠠᠨ ᠨᠡᠶᠢᠲᠡ ᠳᠦ ᠲᠠᠨᠢᠯᠴᠠᠭᠤᠯᠤᠯ᠎ᠠ᠃ ᠨᠡᠭᠡᠭᠡᠯᠲᠡ ᠶᠢᠨ ᠶᠣᠰᠣᠯᠠᠯ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠤᠷᠢᠭᠳᠠᠨ ᠣᠷᠣᠯᠴᠠᠵᠤ᠂ ᠶᠠᠭᠤᠨ ᠲᠦᠷᠦᠭᠦᠨ ᠳᠦ ᠲᠦᠷᠦᠲᠤ ᠶᠣᠰᠣᠨ ᠤ ᠲᠡᠦᠬᠡ ᠲᠡᠳᠦᠢ ᠦᠭᠡᠢ ᠮᠣᠩᠭᠣᠯ ᠤᠨ ᠪᠢᠴᠢᠭ ᠰᠤᠶᠤᠯ ᠤᠨ᠂ ᠤᠷᠠᠨ ᠵᠣᠬᠢᠶᠠᠯ ᠤᠨ ᠳᠤᠷᠠᠰᠬᠠᠯ ᠪᠢᠴᠢᠭ᠂ ᠲᠤᠯᠭᠠᠭᠤᠷᠢ ᠰᠤᠳᠤᠯᠤᠭᠳᠠᠬᠤᠨ ᠢ ᠳᠡᠯᠭᠡᠴᠡ ᠶᠢᠨ ᠪᠦᠲᠦᠭᠡᠯ ᠪᠣᠯᠭᠠᠨ ᠲᠤᠭᠤᠷᠪᠢᠬᠤ ᠳᠤ ᠣᠷᠣᠯᠴᠠᠭᠰᠠᠨ ᠬᠦᠮᠦᠨ ᠪᠦᠷᠢ ᠳᠦ ᠲᠠᠯᠠᠷᠬᠠᠯ ᠢᠯᠡᠷᠬᠡᠶᠢᠯᠡᠵᠦ᠂ ᠠᠮᠵᠢᠯᠲᠠ ᠬᠦᠰᠡᠪᠡ᠃
︽ᠮᠣᠩᠭᠣᠯ ᠤᠨ ᠨᠢᠭᠤᠴᠠ ᠲᠤᠪᠴᠢᠶᠠᠨ ᠲᠦᠭᠡᠮᠡᠯ ᠡᠬᠡ ︾ ᠲᠥᠰᠥᠯ ᠨᠢ ᠠᠩᠭᠯᠢ᠂ ᠰᠣᠯᠣᠩᠭᠣᠰ᠂ ᠬᠢᠲᠠᠳ᠂ ᠤᠩᠭᠠᠷᠢ᠂ ᠶᠠᠫᠣᠨ᠂ ᠣᠷᠣᠰ᠂ ᠮᠣᠩᠭᠣᠯ ᠪᠢᠴᠢᠭ᠂ ᠺᠢᠷᠢᠯ ᠮᠣᠩᠭᠣᠯ ᠬᠡᠯᠡ ᠪᠡᠷ ᠣᠯᠠᠨ ᠤᠯᠤᠰ ᠤᠨ ᠤᠩᠰᠢᠭᠴᠢᠳ ᠤᠨ ᠬᠦᠷᠲᠡᠭᠡᠯ ᠪᠣᠯᠤᠭᠰᠠᠨ ᠪᠣᠯ ᠳᠡᠯᠭᠡᠴᠡ ᠶᠢᠨ ᠪᠦᠲᠦᠭᠡᠯ ᠨᠢ 25 ᠠᠩᠭᠢ ᠲᠠᠢ᠂ ᠤᠭᠰᠠᠭᠠᠲᠠᠨ ᠵᠦᠢ᠂ ᠠᠷᠬᠧᠣᠯᠣᠭᠢ᠂ ᠲᠡᠦᠬᠡ ᠰᠤᠳᠤᠯᠤᠯ ᠤᠨ ᠮᠠᠰᠢ ᠨᠠᠷᠢᠨ ᠰᠤᠳᠤᠯᠭᠠᠨ ᠳᠤ ᠦᠨᠳᠦᠰᠦᠯᠡᠨ ᠪᠦᠲᠦᠭᠡᠭᠳᠡᠭᠰᠡᠨ ᠪᠠᠶᠢᠨ᠎ᠠ᠃
ᠲᠥᠰᠥᠯ ᠢ ᠰᠠᠨᠠᠭᠠᠴᠢᠯᠠᠭᠴᠢ ᠷ∙ᠪᠠᠲᠤᠴᠡᠩᠭᠡᠯ ᠨᠡᠭᠡᠭᠡᠯᠲᠡ ᠶᠢᠨ ᠦᠶ᠎ᠡ ᠪᠡᠷ ᠄ᠥᠨᠥᠳᠥᠷ  ︽ᠮᠣᠩᠭᠣᠯ ᠤᠨ ᠨᠢᠭᠤᠴᠠ ᠲᠤᠪᠴᠢᠶᠠᠨ ᠲᠦᠭᠡᠮᠡᠯ ᠡᠬᠡ︾ ᠲᠥᠰᠥᠯ ᠦᠨ 10 ᠵᠢᠯ ᠦᠨ ᠣᠢ ᠲᠣᠬᠢᠶᠠᠵᠤ ᠪᠠᠶᠢᠨ᠎ᠠ᠃ ᠲᠠ ᠪᠦᠬᠦᠨ ᠳᠦ ᠪᠠᠶᠠᠷᠯᠠᠯ᠎ᠠ᠃ ᠡᠨᠡ ᠪᠦᠲᠦᠭᠡᠯ ᠨᠢ ᠨᠣᠮ ᠮᠡᠲᠦ ᠭᠦᠨᠵᠡᠭᠡᠢ᠂ ᠺᠢᠨᠣ᠋ ᠮᠡᠲᠦ ᠰᠣᠨᠢᠷᠬᠠᠯ ᠲᠠᠢ ᠪᠠᠶᠢᠬᠤ ᠪᠣᠯᠲᠤᠭᠠᠢ᠃ ᠮᠡᠳᠡᠳᠡᠭ ᠪᠦᠬᠦᠨ ᠢᠶᠡᠨ ᠬᠠᠷᠠᠮ ᠦᠭᠡᠢ ᠬᠡᠯᠡᠵᠦ ᠥᠭᠳᠡᠭ ᠲᠡᠦᠬᠡᠴᠢ᠂ ᠵᠥᠪᠯᠡᠭᠴᠢ ᠪᠠᠭᠰᠢ ᠨᠠᠷ ᠲᠤ ᠪᠠᠨ ᠪᠠᠶᠠᠷᠯᠠᠯ᠎ᠠ᠃ ᠮᠠᠨ ᠤ ᠲᠥᠰᠥᠯ ᠦᠨ ᠠᠴᠢ ᠬᠣᠯᠪᠣᠭᠳᠠᠯ ᠢ ᠬᠠᠮᠤᠭ ᠤᠨ ᠲᠦᠷᠦᠭᠦᠨ ᠳᠦ ᠣᠶᠢᠯᠠᠭᠠᠵᠤ᠂ ᠳᠡᠮᠵᠢᠵᠦ ᠢᠷᠡᠭᠰᠡᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠲᠠᠨ ᠳᠤ ᠭᠦᠨ ᠲᠠᠯᠠᠷᠬᠠᠯ ᠢᠯᠡᠷᠬᠡᠶᠢᠯᠡᠶ᠎ᠡ ᠭᠡᠰᠡᠨ ᠶᠤᠮ᠃

ᠶᠡᠷᠦᠩᠬᠡᠶᠢᠯᠡᠭᠴᠢ ᠬ ∙ ᠪᠠᠲᠤᠲᠤᠯᠭ᠎ᠠ᠄ ᠲᠠ ᠪᠦᠬᠦᠨ ᠳᠦ ᠡᠨᠡ ᠡᠳᠦᠷ ᠦᠨ ᠮᠡᠨᠳᠦ ᠬᠦᠷᠭᠡᠶ᠎ᠡ᠃ ᠥᠨᠥᠳᠥᠷ ᠪᠢᠳᠡ ᠵᠢᠷᠤᠭᠠᠴᠢ ᠷ∙ ᠪᠠᠲᠤᠴᠡᠩᠭᠡᠯ ᠦᠨ 10 ᠭᠠᠷᠤᠢ ᠵᠢᠯ ᠦᠨ ᠬᠥᠳᠡᠯᠮᠦᠷᠢ ᠪᠡᠷ ᠪᠦᠲᠦᠭᠡᠭᠰᠡᠨ᠂ ᠱᠠᠲᠤ ᠠᠬᠢᠭᠤᠯᠤᠭᠰᠠᠨ ᠳᠡᠯᠭᠡᠴᠡ ᠶᠢᠨ ᠪᠦᠲᠦᠭᠡᠯ ᠢ ᠨᠡᠭᠡᠭᠡᠬᠦ ᠶᠣᠰᠣᠯᠠᠯ ᠳᠤ ᠣᠷᠣᠯᠴᠠᠵᠤ ᠪᠠᠶᠢᠨ᠎ᠠ᠃ ᠥᠨᠥᠳᠥᠷ ᠪᠦᠲᠦᠭᠡᠯ ᠦᠳ ᠨᠢ ᠳᠣᠯᠣᠭᠠᠨ ᠣᠷᠣᠨ ᠤ ᠬᠡᠯᠡ ᠪᠡᠷ ᠣᠷᠴᠢᠭᠤᠯᠤᠭᠳᠠᠨ ᠣᠯᠠᠨ ᠨᠡᠶᠢᠲᠡ ᠳᠦ ᠬᠦᠷᠦᠭᠰᠡᠨ᠃ ᠬᠠᠷᠢᠨ ᠥᠨᠥᠳᠥᠷ ᠬᠡᠦᠬᠡᠳ ᠦᠳ ᠲᠦ ᠦᠵᠡᠭᠦᠯᠬᠦ ᠳᠦ ᠰᠣᠨᠢᠷᠬᠠᠯᠲᠠᠢ᠂ ᠨᠣᠮ ᠰᠢᠭ᠋ ᠳᠡᠯᠭᠡᠷᠡᠩᠭᠦᠢ ᠪᠡᠷ ᠣᠯᠠᠨ ᠤ ᠬᠦᠷᠲᠡᠭᠡᠯ ᠪᠣᠯᠵᠤ ᠪᠠᠶᠢᠨ᠎ᠠ᠃ ᠡᠨᠡ ᠪᠦᠲᠦᠭᠡᠯ ᠡᠴᠡ ᠥᠰᠪᠦᠷᠢ ᠨᠠᠰᠤᠨ ᠤ ᠬᠢᠨ᠂ ᠮᠣᠩᠭᠣᠯᠴᠤᠳ ᠪᠢᠳᠡ ᠥᠪ ᠰᠤᠶᠤᠯ ᠢᠶᠠᠨ ᠬᠠᠷᠠᠵᠤ ᠮᠡᠳᠡᠵᠦ᠂ ᠤᠩᠰᠢᠵᠤ ᠣᠶᠢᠯᠠᠭᠠᠨ᠎ᠠ᠃ ᠲᠥᠰᠥᠯ ᠢ ᠰᠠᠨᠠᠭᠠᠴᠢᠯᠠᠭᠴᠢ ᠷ∙ᠪᠠᠲᠤᠴᠡᠩᠭᠡᠯ ᠪᠣᠯᠤᠨ ᠲᠡᠭᠦᠨ ᠦ ᠬᠠᠮᠲᠤ ᠤᠯᠠᠨ ᠳᠤ ᠪᠠᠶᠠᠷ ᠬᠦᠷᠭᠡᠶ᠎ᠡ᠃
《ᠮᠣᠩᠭᠣᠯ ᠤᠨ ᠨᠢᠭᠤᠴᠠ ᠲᠤᠪᠴᠢᠶᠠᠨ ᠲᠦᠭᠡᠮᠡᠯ ᠡᠬᠡ》᠍ ᠢ ᠬᠠᠷᠠᠬᠤ ᠳᠤ ᠵᠢᠷᠤᠭᠠᠴᠢ ᠵᠢᠷᠤᠭ ᠤᠨ ᠨᠣᠮ ᠬᠢᠭᠡᠳ ᠪᠠᠶᠢᠭ᠎ᠠ ᠶᠤᠮ ᠰᠢᠭ᠋ ᠪᠣᠯᠪᠠᠴᠤ ᠠᠷᠤ ᠳᠤ ᠨᠢ ᠠᠰᠤᠷᠤ ᠶᠡᠬᠡ ᠰᠤᠳᠤᠯᠭ᠎ᠠ ᠪᠠᠶᠢᠳᠠᠭ᠃ 《ᠮᠣᠩᠭᠣᠯ ᠤᠨ ᠨᠢᠭᠤᠴᠠ ᠲᠤᠪᠴᠢᠶᠠᠨ》ᠪᠣᠯ ᠵᠢᠷᠤᠭ ᠦᠭᠡᠢ᠂ ᠲᠡᠦᠬᠡᠨ ᠨᠣᠮ᠃ ᠡᠭᠦᠨ ᠢ ᠵᠢᠷᠤᠭ ᠬᠡᠯᠪᠡᠷᠢ ᠳᠦ ᠰᠢᠯᠵᠢᠭᠦᠯᠬᠦ ᠶᠢᠨ ᠲᠤᠯᠠᠳᠠ ᠲᠤᠬᠠᠢ ᠶᠢᠨ ᠦᠶ᠎ᠡ ᠶᠢᠨ ᠬᠤᠪᠴᠠᠰᠤ ᠬᠡᠷᠡᠭᠯᠡᠯ᠂ ᠮᠣᠷᠢᠨ ᠤ ᠡᠮᠡᠭᠡᠯ᠂ ᠴᠤᠯᠪᠤᠭᠤᠷ᠂ ᠨᠤᠮᠤ ᠰᠤᠮᠤᠨ ᠤ ᠵᠡᠪᠡ᠂ ᠬᠤᠪᠴᠠᠰᠤᠨ ᠤ ᠲᠣᠪᠴᠢᠨ ᠤ ᠬᠡᠯᠪᠡᠷᠢ᠂ ᠬᠤᠪᠴᠠᠰᠤ ᠶᠠᠮᠠᠷ ᠣᠶᠣᠳᠠᠯ ᠲᠠᠢ ᠪᠠᠶᠢᠭᠰᠠᠨ ᠵᠡᠷᠭᠡ ᠮᠠᠰᠢ ᠣᠯᠠᠨ ᠰᠤᠳᠤᠯᠭ᠎ᠠ ᠬᠢᠵᠦ ᠪᠠᠶᠢᠵᠤ ᠳᠦᠷᠰᠦ᠂ ᠵᠢᠷᠤᠭ ᠪᠦᠲᠦᠭᠡᠨ᠎ᠡ᠃ ᠡᠨᠡ ᠨᠢ ᠥᠪᠡᠷ ᠢᠶᠡᠨ ᠬᠦᠨᠳᠦ ᠬᠦᠴᠢᠷ ᠰᠤᠳᠤᠯᠭᠠᠨ ᠤ ᠠᠵᠢᠯ᠂ ᠠᠪᠢᠶᠠᠰ ᠪᠢᠯᠢᠭ ᠦᠨ ᠨᠡᠶᠢᠯᠡᠪᠦᠷᠢ ᠶᠤᠮ᠃ ᠴᠠᠰᠢ ᠴᠢᠨᠠᠭᠰᠢᠳᠠ ᠪᠠᠨ ᠮᠣᠩᠭᠣᠯ ᠤᠨ ᠲᠡᠦᠬᠡ ᠪᠣᠯᠤᠭᠰᠠᠨ ︽ᠮᠣᠩᠭᠣᠯ ᠤᠨ ᠨᠢᠭᠤᠴᠠ ᠲᠤᠪᠴᠢᠶᠠᠨ》ᠮᠠᠨᠢ ᠣᠯᠠᠨ ᠬᠦᠮᠦᠨ ᠮᠡᠳᠡᠳᠡᠭ᠂ ᠣᠯᠠᠨ ᠣᠷᠣᠨ ᠤ ᠡᠷᠳᠡᠮᠲᠡᠳ ᠰᠤᠳᠤᠯᠳᠠᠭ᠂ ᠮᠣᠩᠭᠣᠯᠴᠤᠳ ᠪᠥᠭᠥᠳᠡᠭᠡᠷ ᠢᠶᠡᠨ ᠰᠤᠳᠤᠯᠳᠠᠭ᠂ ᠠᠮᠢᠳᠤᠷᠠᠯ ᠠᠬᠤᠢ ᠳᠤ ᠪᠠᠨ ᠬᠡᠷᠡᠭᠯᠡᠳᠡᠭ ᠪᠣᠯᠤᠭᠠᠰᠠᠢ ᠭᠡᠵᠦ  ᠬᠦᠰᠡᠵᠦ ᠪᠠᠶᠢᠨ᠎ᠠ᠃ ᠡᠨᠳᠡ ᠢᠷᠡᠭᠰᠡᠨ ᠬᠦᠮᠦᠰ ᠪᠣᠯᠤᠨ ᠳ᠋ᠣᠺᠲ᠋ᠣᠷ᠂ ᠫᠷᠣᠹᠧᠰᠰᠣᠷ᠂ ᠡᠷᠳᠡᠮᠲᠡᠳ ᠲᠦ ᠪᠡᠨ ᠪᠠᠶᠠᠷᠯᠠᠯ᠎ᠠ ᠭᠡᠵᠦ ᠬᠡᠯᠡᠶ᠎ᠡ ᠬᠡᠮᠡᠯ᠎ᠡ᠃
ᠳ ᠂ ᠲᠤᠶᠠᠭ᠎ᠠ

ᠰᠡᠳᠬᠢᠭᠳᠡᠯ ᠦᠯᠡᠳᠡᠭᠡᠬᠦ