ᠭᠤᠪᠢ ᠠᠯᠲᠠᠢ ᠳᠤ ᠸᠣᠯᠧᠢᠪᠣᠯ ᠤᠨ ᠲᠡᠮᠡᠴᠡᠭᠡᠨ ᠪᠤᠯᠪᠠ | News.MN

ᠭᠤᠪᠢ ᠠᠯᠲᠠᠢ ᠳᠤ ᠸᠣᠯᠧᠢᠪᠣᠯ ᠤᠨ ᠲᠡᠮᠡᠴᠡᠭᠡᠨ ᠪᠤᠯᠪᠠ

ᠭᠣᠪᠢ ᠠᠯᠲᠠᠢ ᠠᠶᠢᠮᠠᠭ ᠲᠤ ᠸᠣᠯᠧᠢᠪᠣᠯ ︵ᠠᠯᠠᠭᠠᠳᠠᠬᠤ ᠪᠦᠮᠪᠦᠭᠡ︶ ᠤᠨ ᠰᠫᠣᠷᠲ ᠢ ᠬᠥᠭᠵᠢᠭᠦᠯᠬᠦ ᠶᠡᠬᠡ ᠦᠢᠯᠡᠰ ᠲᠦ ᠥᠪᠡᠷ ᠦᠨ ᠬᠦᠴᠦ ᠬᠥᠳᠡᠯᠮᠦᠷᠢ᠂ ᠡᠷᠳᠡᠮ ᠮᠡᠳᠡᠯᠭᠡ᠂ ᠠᠪᠢᠶᠠᠰ ᠴᠢᠳᠠᠪᠤᠷᠢ ᠪᠠᠨ ᠵᠣᠷᠢᠭᠤᠯᠤᠨ ᠶᠠᠪᠤᠭ᠎ᠠ ᠣᠯᠠᠨ ᠤᠯᠤᠰ ᠤᠨ ᠬᠡᠮᠵᠢᠶᠡᠨ ᠦ ᠮᠠᠰᠲ᠋ᠸᠷ᠂ ᠮᠣᠩᠭᠣᠯ ᠤᠯᠤᠰ ᠤᠨ ᠰᠢᠭᠦᠭᠴᠢ᠂ ᠪᠡᠶ᠎ᠡ ᠶᠢᠨ ᠲᠠᠮᠢᠷ ᠤᠨ ᠲᠡᠷᠢᠭᠦᠨ ᠦ ᠠᠵᠢᠯᠲᠠᠨ᠂ ᠭᠣᠪᠢ ᠠᠯᠲᠠᠢ ᠠᠶᠢᠮᠠᠭ ᠤᠨ ᠪᠡᠶ᠎ᠡ ᠶᠢᠨ ᠲᠠᠮᠢᠷ᠂ ᠰᠫᠣᠷᠲ ᠤᠨ ᠭᠠᠵᠠᠷ ᠤᠨ ᠠᠬᠠᠯᠠᠬᠤ ᠮᠡᠷᠭᠡᠵᠢᠯᠲᠡᠨ ᠵ∙ᠤᠷᠠᠨᠴᠢᠮᠠᠭ᠌ ᠦᠨ ᠨᠡᠷᠡᠮᠵᠢᠲᠦ ᠸᠣᠯᠧᠢᠪᠣᠯ ᠤᠨ ᠨᠡᠭᠡᠭᠡᠯᠲᠡᠲᠡᠢ ᠲᠡᠮᠡᠴᠡᠭᠡᠨ ᠡᠨᠡ ᠰᠠᠷ᠎ᠠ ᠶᠢᠨ 28-30 ᠍ ᠤ ᠡᠳᠦᠷ ᠦᠳ ᠲᠦ ᠠᠯᠲᠠᠢ ᠬᠤᠲᠠᠨ᠎ᠠ ᠪᠣᠯᠤᠨ᠎ᠠ᠃
ᠲᠡᠮᠡᠴᠡᠭᠡᠨ ᠢ ᠭᠣᠪᠢ ᠠᠯᠲᠠᠢ ᠠᠶᠢᠮᠠᠭ ᠤᠨ ᠢᠷᠭᠡᠳ  ᠦᠨ ᠲᠥᠯᠥᠭᠡᠯᠡᠭᠴᠢᠳ ᠦᠨ ᠬᠤᠷᠠᠯ᠂ ᠵᠠᠰᠠᠭ ᠳᠠᠷᠤᠭ᠎ᠠ ᠲᠡᠭᠦᠨ ᠦ ᠲᠠᠮᠠᠭ᠎ᠠ ᠶᠢᠨ ᠭᠠᠵᠠᠷ᠂ ᠪᠡᠶ᠎ᠡ ᠶᠢᠨ ᠲᠠᠮᠢᠷ ᠰᠫᠣᠷᠲ ᠤᠨ ᠭᠠᠵᠠᠷ᠂ ᠮᠣᠩᠭᠣᠯ ᠤᠨ ᠸᠣᠯᠧᠢᠪᠣᠯ ᠤᠨ ᠬᠣᠯᠪᠣᠭ᠎ᠠ ᠪᠣᠯᠤᠨ ᠲᠤᠰ ᠠᠶᠢᠮᠠᠭ ᠳᠠᠬᠢ ᠰᠠᠯᠪᠤᠷᠢ ᠵᠥᠪᠯᠡᠯ᠂ ᠵ∙ᠤᠷᠠᠨᠴᠢᠮᠡᠭ ᠪᠠᠭᠰᠢ ᠶᠢᠨ ᠱᠠᠪᠢ ᠨᠠᠷ ᠬᠠᠮᠲᠤᠷᠠᠨ ᠵᠣᠬᠢᠶᠠᠨ ᠪᠠᠶᠢᠭᠤᠯᠵᠤ ᠪᠤᠢ ᠠᠵᠠᠢ᠃
ᠲᠡᠮᠡᠴᠡᠭᠡᠨ ᠳᠦ ᠭᠣᠪᠢ ᠠᠯᠲᠠᠢ ᠠᠶᠢᠮᠠᠭ ᠤᠨ ᠰᠤᠮᠤᠳ ᠤᠨ ᠪᠠᠭ ᠤᠳ᠂ ᠵ∙ᠤᠷᠠᠨᠴᠢᠮᠡᠭ ᠪᠠᠭᠰᠢ ᠶᠢᠨ ᠦᠶ᠎ᠡ ᠦᠶ᠎ᠡ ᠶᠢᠨ ᠱᠠᠪᠢ ᠨᠠᠷ ᠤᠨ ᠪᠠᠭ ᠤᠳ᠂ ᠪᠠᠶᠢᠭᠤᠯᠤᠯᠭ᠎ᠠ᠂ ᠠᠵᠤ ᠠᠬᠤᠢ ᠶᠢᠨ ᠨᠢᠭᠡᠴᠡ᠂ ᠪᠠᠷᠠᠭᠤᠨ ᠪᠥᠰᠡ ᠶᠢᠨ ᠰᠢᠭᠰᠢᠭᠡ ᠪᠠᠭ ᠤᠳ ᠨᠡᠭᠡᠭᠡᠯᠲᠡ ᠲᠡᠢ ᠣᠷᠣᠯᠴᠠᠬᠤ ᠪᠠᠷ ᠢᠶᠠᠨ ᠣᠨᠴᠠᠯᠢᠭ ᠲᠠᠢ ᠪᠣᠯᠬᠤ ᠶᠤᠮ᠃
ᠡ᠊ ∙ ᠨᠠᠷᠠᠨᠭᠡᠷᠡᠯ

ᠰᠡᠳᠬᠢᠭᠳᠡᠯ ᠦᠯᠡᠳᠡᠭᠡᠬᠦ