ᠭᠠᠴᠤᠷᠠᠲᠤ ᠨᠠᠯᠠᠶᠢᠬᠤ ᠶᠢᠨ ᠵᠠᠮ  ᠢ ᠢᠷᠡᠬᠦ ᠬᠠᠪᠤᠷ ᠠᠴᠠ ᠵᠠᠰᠠᠨ᠎ᠠ | News.MN

ᠭᠠᠴᠤᠷᠠᠲᠤ ᠨᠠᠯᠠᠶᠢᠬᠤ ᠶᠢᠨ ᠵᠠᠮ  ᠢ ᠢᠷᠡᠬᠦ ᠬᠠᠪᠤᠷ ᠠᠴᠠ ᠵᠠᠰᠠᠨ᠎ᠠ

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠨᠢᠭᠡ ᠲᠡᠷᠪᠤᠮ ᠳ᠋ᠣᠯᠯᠠᠷ ᠤᠨ ᠬᠥᠩᠭᠡᠯᠡᠯᠲᠡ ᠲᠡᠢ ᠵᠢᠭᠡᠯᠡᠯᠭᠡ ᠶᠢᠨ ᠬᠥᠷᠥᠩᠭᠡ ᠪᠡᠷ ᠬᠡᠷᠡᠭᠵᠢᠭᠦᠯᠬᠦ ᠪᠡᠷ ᠲᠥᠯᠥᠪᠯᠡᠵᠦ ᠪᠤᠢ ︽ᠭᠠᠴᠤᠷᠠᠲᠤ  ᠶᠢᠨ ᠠᠭᠤᠯᠵᠠᠪᠤᠷᠢ ᠠᠴᠠ ᠨᠠᠯᠠᠶᠢᠬᠤ ᠴᠤᠶᠢᠷ ᠤᠨ ᠠᠭᠤᠯᠵᠠᠪᠤᠷᠢ ᠬᠦᠷᠲᠡᠯᠡᠬᠢ 20.9 ᠺᠢᠯᠣᠮᠧᠲ᠋ᠷ ᠠᠦ᠋ᠲ᠋ᠣ᠋ ᠵᠠᠮ ᠪᠠᠷᠢᠬᠤ》ᠲᠥᠰᠥᠯ ᠢ ᠬᠡᠷᠡᠭᠵᠢᠭᠦᠯᠵᠦ᠂ ᠵᠠᠮ ᠪᠠᠷᠢᠯᠭ᠎ᠠ ᠶᠢᠨ ᠠᠵᠢᠯ ᠢ ᠡᠬᠢᠯᠡᠭᠦᠯᠬᠦ ᠶᠠᠪᠤᠴᠠ ᠶᠢ ᠡᠷᠴᠢᠮᠵᠢᠭᠦᠯᠬᠦ ᠶᠢ ᠰᠠᠩ ᠤᠨ ᠰᠠᠶᠢᠳ ᠲᠤ ᠳᠠᠭᠠᠭᠠᠯᠭᠠᠯ᠎ᠠ᠃
ᠪᠡᠯᠡᠳᠬᠡᠯ ᠠᠵᠢᠯ ᠢ ᠡᠪᠦᠯ ᠦᠨ ᠤᠯᠠᠷᠢᠯ ᠳᠤ ᠬᠠᠩᠭᠠᠵᠤ᠂ ᠪᠠᠷᠢᠯᠭ᠎ᠠ ᠶᠢᠨ ᠠᠵᠢᠯ ᠢ ᠬᠠᠪᠤᠷ ᠡᠷᠲᠡ ᠡᠬᠢᠯᠡᠭᠦᠯᠬᠦ ᠨᠥᠬᠥᠴᠡᠯ ᠢ ᠪᠦᠷᠢᠳᠦᠭᠦᠯᠬᠦ᠂ ᠵᠠᠮ ᠤᠨ ᠬᠥᠳᠡᠯᠭᠡᠭᠡᠨ ᠦ ᠠᠶᠤᠯᠭᠦᠢ ᠪᠠᠶᠢᠳᠠᠯ ᠢ ᠬᠠᠩᠭᠠᠬᠤ ᠠᠵᠢᠯ ᠢ ᠵᠣᠬᠢᠶᠠᠨ ᠪᠠᠶᠢᠭᠤᠯᠬᠤ ᠶᠢ ᠨᠡᠶᠢᠰᠯᠡᠯ ᠦᠨ ᠵᠠᠰᠠᠭ ᠳᠠᠷᠤᠭ᠎ᠠ ᠳᠤ ᠡᠭᠦᠷᠭᠡ ᠪᠣᠯᠭᠠᠭᠰᠠᠨ ᠪᠠᠶᠢᠨ᠎ᠠ᠃ ᠵᠠᠮ ᠪᠠᠷᠢᠭᠳᠠᠬᠤ ᠭᠠᠵᠠᠷ ᠢ ᠪᠦᠷᠢᠨ ᠴᠢᠯᠦᠭᠡᠯᠡᠵᠦ ᠳᠠᠭᠤᠰᠤᠭᠰᠠᠨ᠂ ᠪᠠᠷᠢᠯᠭ᠎ᠠ ᠶᠢᠨ ᠠᠵᠢᠯ ᠤᠨ ᠭᠦᠢᠴᠡᠳᠬᠡᠭᠴᠢ ᠪᠡᠷ ᠰᠠᠨᠠᠯ ᠢᠷᠡᠭᠦᠯᠦᠭᠰᠡᠨ ᠲᠠᠪᠤᠨ ᠺᠣᠮᠫᠠᠨᠢ ᠠᠴᠠ ︽ᠰᠨᠤᠬᠠᠶᠢᠳ᠋ᠷᠤ᠋︾ ᠺᠣᠮᠫᠠᠨᠢ ᠶᠢ ᠰᠣᠩᠭᠣᠨ ᠰᠢᠯᠭᠠᠷᠠᠭᠤᠯᠤᠭᠠᠳ ᠪᠠᠶᠢᠭ᠎ᠠ ᠠᠵᠠᠢ᠃
ᠮ ᠂ ᠠᠮᠤᠷᠵᠢᠷᠭᠠᠯ

ᠰᠡᠳᠬᠢᠭᠳᠡᠯ ᠦᠯᠡᠳᠡᠭᠡᠬᠦ