ᠬᠦᠪᠰᠦᠭᠦᠯ ᠳᠦ ᠬᠦᠯᠡᠮᠵᠢ ᠪᠠᠷᠢᠨ᠎ᠠ | News.MN

ᠬᠦᠪᠰᠦᠭᠦᠯ ᠳᠦ ᠬᠦᠯᠡᠮᠵᠢ ᠪᠠᠷᠢᠨ᠎ᠠ

ᠬᠥᠪᠰᠥᠭᠥᠯ ᠠᠶᠢᠮᠠᠭ ᠲᠤ 45 ᠳ᠋ᠠᠬᠢ ᠵᠢᠯ ᠳᠦ ᠪᠡᠨ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠦᠨ ᠲᠥᠪ 21 ᠮᠡᠷᠭᠡᠵᠢᠯ ᠢᠶᠡᠷ ᠡᠯᠰᠡᠯᠲᠡ ᠠᠪᠴᠤ ᠪᠠᠶᠢᠨ᠎ᠠ᠃ ᠡᠨᠡ ᠵᠢᠯ ᠦᠨ ᠬᠤᠪᠢ ᠳᠤ ᠬᠦᠯᠡᠮᠵᠢ ᠶᠢᠨ ᠠᠵᠤ ᠠᠬᠤᠢ ᠶᠢᠨ ᠹᠧᠷᠮᠧᠷ᠂ ᠰᠡᠶᠢᠯᠪᠦᠷᠢᠴᠢᠨ᠂ ᠮᠠᠯ ᠤᠨ ᠠᠰᠠᠷᠠᠭ᠎ᠠ᠂ ᠪᠠᠷᠢᠯᠭ᠎ᠠ ᠶᠢᠨ ᠪᠸᠲ᠋ᠤᠨ ᠠᠷᠮᠠᠲ᠋ᠦᠷᠴᠢᠨ ᠭᠡᠰᠡᠨ ᠮᠡᠷᠭᠡᠵᠢᠯ ᠢᠶᠡᠷ ᠰᠢᠨ᠎ᠡ ᠠᠩᠭᠢ ᠨᠡᠭᠡᠭᠡᠵᠡᠢ᠃
ᠲᠤᠰ ᠰᠤᠷᠭᠠᠭᠤᠯᠢ ᠠᠽᠢᠶ᠎ᠠ ᠶᠢᠨ ᠬᠥᠭᠵᠢᠯ ᠦᠨ ᠪᠠᠩᠬᠢᠨ ᠤ 2 ᠲᠡᠷᠪᠤᠮ ᠲᠥᠭᠥᠷᠢᠭ ᠦᠨ ᠬᠥᠷᠥᠩᠭᠡ ᠣᠷᠣᠭᠤᠯᠤᠯᠲᠠ ᠶᠢᠨ ᠰᠠᠩᠬᠦᠵᠢᠯᠲᠡ ᠪᠡᠷ ᠬᠦᠨᠡᠰᠦᠨ ᠦ ᠨᠣᠭᠣᠭ᠎ᠠ ᠬᠦᠯᠡᠮᠵᠢ ᠶᠢᠨ ᠠᠵᠤ ᠠᠬᠤᠢ ᠶᠢᠨ ᠹᠧᠷᠮᠧᠷ ᠤᠨ ᠰᠤᠷᠭᠠᠯᠲᠠ ᠶᠢᠨ ᠪᠠᠭᠠᠵᠢ ᠲᠣᠨᠣᠭ ᠲᠥᠬᠥᠭᠡᠷᠦᠮᠵᠢ ᠶᠢ ᠰᠢᠨᠡᠳᠭᠡᠬᠦ ᠭᠡᠨ᠎ᠡ᠃ ᠡᠪᠦᠯ᠂ ᠵᠤᠨ ᠤ ᠬᠦᠯᠡᠮᠵᠢ ᠶᠢ ᠪᠠᠶᠢᠭᠤᠯᠵᠤ ᠂ ᠴᠢᠴᠠᠷᠭᠠᠨ᠎ᠠ ᠪᠣᠯᠤᠨ ᠪᠤᠰᠤᠳ ᠲᠥᠷᠥᠯ ᠦᠨ ᠬᠦᠨᠡᠰᠦᠨ ᠦ ᠨᠣᠭᠣᠭ᠎ᠠ ᠶᠢ ᠲᠠᠷᠢᠶᠠᠯᠠᠭᠰᠠᠨ ᠢᠶᠠᠷ ᠰᠤᠷᠤᠯᠴᠠᠭᠴᠢᠳ ᠲᠤ ᠬᠥᠳᠡᠭᠡ ᠠᠵᠤ ᠠᠬᠤᠢ ᠶᠢᠨ ᠴᠢᠭᠯᠡᠯ ᠦᠨ ᠮᠡᠷᠭᠡᠵᠢᠯ ᠦᠨ ᠪᠣᠯᠪᠠᠰᠤᠷᠠᠯ ᠡᠵᠡᠮᠰᠢᠬᠦ ᠠᠵᠢᠯ ᠢ ᠣᠷᠣᠨ ᠨᠤᠲᠤᠭ ᠲᠤ ᠪᠠᠨ ᠡᠬᠢᠯᠡᠭᠦᠯᠵᠦ ᠪᠠᠶᠢᠨ᠎ᠠ ᠭᠡᠳᠡᠭ ᠢ ᠲᠦᠪ ᠦᠨ ᠍ ᠵᠠᠬᠢᠷᠤᠯ ᠨ᠂ ᠪᠠᠭᠠᠲᠤᠷᠸᠴᠢᠷ ᠬᠡᠯᠡᠵᠦ ᠪᠠᠶᠢᠯ᠎ᠠ᠃ ᠮᠥᠨ ᠮᠠᠯ ᠢᠶᠠᠨ ᠡᠷᠡᠭᠦᠯ ᠪᠠᠶᠢᠯᠭᠠᠬᠤ᠂ ᠠᠷᠠᠴᠢᠯᠠᠬᠤ᠂ ᠲᠣᠷᠳᠠᠬᠤ᠂ ᠪᠡᠯᠴᠢᠭᠡᠷ ᠦᠨ ᠮᠠᠯ ᠠᠵᠤ ᠠᠬᠤᠢ ᠠᠴᠠ ᠹᠧᠷᠮᠧᠷ ᠤᠨ ᠠᠵᠤ ᠠᠬᠤᠢ ᠳᠤ ᠰᠢᠯᠵᠢᠭᠦᠯᠬᠦ ᠵᠣᠷᠢᠯᠭ᠎ᠠ ᠲᠠᠢ ᠪᠠᠷ ᠮᠠᠯ ᠤᠨ ᠠᠰᠠᠷᠠᠭ᠎ᠠ ᠭᠡᠰᠡᠨ ᠰᠢᠨ᠎ᠡ ᠠᠩᠭᠢ ᠶᠢ ᠨᠡᠭᠡᠭᠡᠵᠡᠢ᠃ 1973 ᠣᠨ ᠠᠴᠠ ᠥᠨᠥᠳᠥᠷ ᠢ ᠬᠦᠷᠲᠡᠯ᠎ᠡ 11000 ᠭᠠᠷᠤᠢ ᠮᠡᠷᠭᠡᠵᠢᠯ ᠲᠡᠢ ᠪᠣᠯᠪᠠᠰᠤᠨ ᠬᠦᠴᠦᠨ ᠪᠡᠯᠡᠳᠬᠡᠨ ᠲᠡᠭᠦᠰᠬᠡᠭᠰᠡᠨ ᠲᠤᠰ ᠰᠤᠷᠭᠠᠭᠤᠯᠢ ᠶᠢ ᠵᠢᠯ ᠳᠦ 500 ᠣᠷᠴᠢᠮ ᠬᠡᠦᠬᠡᠳ ᠦᠳ ᠰᠤᠷᠤᠯᠴᠠᠨ ᠲᠡᠭᠦᠰᠴᠦ ᠪᠠᠶᠢᠭ᠎ᠠ ᠠᠵᠠᠢ᠃
ᠪ᠂  ᠭᠠᠩᠲᠤᠶᠠᠭ᠎ᠠ

ᠰᠡᠳᠬᠢᠭᠳᠡᠯ ᠦᠯᠡᠳᠡᠭᠡᠬᠦ