《ᠡᠷᠳᠡᠮ ᠦᠨ ᠬᠥᠲᠥᠴᠢ 58 》ᠰᠤᠷᠭᠠᠭᠤᠯᠢ ᠶᠢᠨ ᠨᠣᠮ ᠤᠨ ᠰᠠᠩ ᠢ ᠰᠢᠨᠡᠴᠢᠯᠠᠯ᠎ᠠ | News.MN

《ᠡᠷᠳᠡᠮ ᠦᠨ ᠬᠥᠲᠥᠴᠢ 58 》ᠰᠤᠷᠭᠠᠭᠤᠯᠢ ᠶᠢᠨ ᠨᠣᠮ ᠤᠨ ᠰᠠᠩ ᠢ ᠰᠢᠨᠡᠴᠢᠯᠠᠯ᠎ᠠ

ᠬᠤᠳᠠᠯᠳᠤᠭ᠎ᠠ ᠬᠥᠭᠵᠢᠯ ᠦᠨ ᠪᠠᠩᠬᠢ 28 ᠵᠢᠯ ᠦᠨ ᠣᠢ  ᠪᠠᠨ ᠤᠭᠲᠤᠨ ᠮᠣᠩᠭᠣᠯ ᠤᠯᠤᠰ ᠤᠨ ᠢᠷᠡᠭᠡᠳᠦᠢ ᠬᠣᠶᠢᠴᠢ ᠪᠣᠯᠤᠭᠰᠠᠨ ᠬᠡᠦᠬᠡᠳ ᠵᠠᠯᠠᠭᠤᠴᠤᠳ ᠤᠨ ᠮᠡᠳᠡᠯᠭᠡ ᠪᠣᠯᠪᠠᠰᠤᠷᠠᠯ ᠤᠨ ᠣᠶᠤᠨ ᠤ ᠦᠷ᠎ᠡ ᠶᠢ ᠲᠠᠷᠢᠬᠤ ᠭᠡᠭᠡᠨ ᠦᠢᠯᠡᠰ ᠲᠦ ᠬᠤᠪᠢ ᠨᠡᠮᠡᠷᠢ ᠪᠡᠨ ᠣᠷᠣᠭᠤᠯᠤᠨ ᠤᠯᠤᠰ ᠤᠨ ᠬᠡᠮᠵᠢᠶᠡᠨ ᠳᠦ 28  ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠨᠣᠮ ᠤᠨ ᠰᠠᠩ ᠢ ᠲᠣᠬᠢᠵᠢᠭᠤᠯᠵᠤ ᠂ ᠮᠥᠨ ᠨᠣᠮ ᠢᠶᠠᠷ ᠪᠠᠶᠠᠵᠢᠭᠤᠯᠬᠤ ᠠᠵᠢᠯ ᠢ ᠡᠬᠢᠯᠡᠭᠦᠯᠦᠭᠡᠳ ᠪᠠᠶᠢᠭ᠎ᠠ ᠪᠥᠭᠡᠳ ᠡᠨᠡᠬᠦ ᠠᠶᠠᠨ ᠤ ᠡᠬᠢᠯᠡᠯ ᠪᠣᠯᠭᠠᠨ ᠬᠠᠨ ᠠᠭᠤᠯᠠ ᠳᠡᠭᠦᠷᠭᠡ ᠶᠢᠨ 52 ᠳ᠋ᠤᠭᠠᠷ ᠳᠤᠮᠳᠠ ᠰᠤᠷᠭᠠᠭᠤᠯᠢ ᠶᠢᠨ ᠨᠣᠮ ᠤᠨ ᠰᠠᠩ ᠢ ᠲᠣᠬᠢᠵᠢᠭᠤᠯᠵᠤ᠂ ᠬᠡᠷᠡᠭᠴᠡᠭᠡᠲᠦ ᠰᠢᠨᠡᠬᠡᠨ ᠨᠣᠮ ᠤᠳ ᠢ ᠪᠡᠯᠡᠭᠯᠡᠭᠰᠡᠨ ᠪᠢᠯᠡ᠃ ᠬᠠᠷᠢᠨ ᠡᠨᠡ ᠤᠳᠠᠭ᠎ᠠ ᠳᠤ ᠰᠦᠬᠡᠪᠠᠭᠠᠲᠤᠷ ᠳᠡᠭᠦᠷᠭᠡ ᠦᠨ ︽ᠡᠷᠳᠡᠮ ᠦᠨ ᠬᠥᠲᠥᠴᠢ-58》᠍ ᠳᠦᠭᠡᠷ ᠴᠣᠭᠴᠠᠯᠠᠪᠤᠷᠢ ᠰᠤᠷᠭᠠᠭᠤᠯᠢ ᠶᠢᠨ ᠨᠣᠮ ᠤᠨ ᠰᠠᠩ ᠢ ᠲᠣᠬᠢᠵᠢᠭᠤᠯᠵᠤ᠂ ᠣᠯᠠᠨ ᠰᠣᠨᠢᠷᠬᠠᠯᠲᠠᠢ ᠨᠣᠮ ᠤᠳ ᠢᠶᠠᠷ ᠪᠠᠶᠠᠵᠢᠭᠤᠯᠤᠨ ᠬᠦᠯᠢᠶᠡᠯᠭᠡᠵᠦ ᠦᠭᠭᠦᠯ᠎ᠡ᠃
ᠨᠣᠮ ᠤᠨ ᠰᠣᠩᠭᠣᠯᠲᠠ ᠶᠢ ᠰᠤᠷᠭᠠᠭᠤᠯᠢ ᠶᠢᠨ ᠪᠠᠭᠰᠢ᠂ ᠨᠣᠮ ᠤᠨ ᠰᠠᠩᠴᠢᠳ ᠤᠨ ᠬᠦᠰᠡᠯᠲᠡ ᠶᠢᠨ ᠳᠠᠭᠠᠤ ᠬᠢᠭᠰᠡᠨ ᠪᠥᠭᠡᠳ ᠰᠤᠷᠤᠭᠴᠢᠳ ᠤᠨ ᠲᠠᠨᠢᠨ ᠮᠡᠳᠡᠬᠦᠢ᠂ ᠰᠡᠳᠬᠢᠬᠦᠢ ᠶᠢ ᠬᠥᠭᠵᠢᠭᠦᠯᠬᠦ ᠴᠢᠬᠤᠯᠠ᠂ ᠬᠡᠷᠡᠭᠴᠡᠭᠡ ᠲᠡᠢ ᠨᠣᠮ ᠲᠣᠪᠬᠢᠮᠠᠯ ᠤᠳ ᠠᠴᠠ ᠭᠠᠳᠠᠨ᠎ᠠ ᠬᠡᠦᠬᠡᠳ ᠵᠠᠯᠠᠭᠤᠰ ᠢ ᠰᠤᠷᠭᠠᠨ ᠬᠦᠮᠦᠵᠢᠭᠦᠯᠬᠦ ᠶᠡᠬᠡ ᠦᠢᠯᠡᠰ ᠦᠨ ᠡᠵᠡᠳ ᠪᠣᠯᠤᠭᠰᠠᠨ ᠪᠠᠭᠰᠢ ᠨᠠᠷ ᠤᠨ ᠮᠡᠳᠡᠯᠭᠡ ᠴᠢᠳᠠᠪᠤᠷᠢ ᠶᠢ ᠬᠥᠭᠵᠢᠭᠦᠯᠬᠦ ᠨᠣᠮ ᠤᠳ ᠴᠤ ᠴᠥᠭᠡᠨ ᠦᠭᠡᠢ ᠪᠠᠶᠢᠭᠰᠠᠨ ᠶᠤᠮ᠃ ᠮᠣᠩᠭᠣᠯ ᠤᠯᠤᠰ ᠤᠨ ᠭᠠᠵᠠᠷ ᠤᠨ ᠵᠢᠷᠤᠭ ᠲᠠᠢ ᠢᠵᠢᠯ ᠬᠡᠯᠪᠡᠷᠢ ᠳᠦᠷᠰᠦ ᠪᠦᠬᠦᠢ ᠨᠣᠮ ᠤᠨ ᠲᠠᠯᠪᠢᠭᠤᠷ ᠨᠢ ᠶᠡᠬᠡᠬᠡᠨ ᠤᠳᠬ᠎ᠠ ᠪᠡᠯᠭᠡᠳᠡᠯ ᠠᠭᠤᠯᠤᠭᠰᠠᠨ ᠲᠡᠳᠦᠢ ᠦᠭᠡᠢ᠂ ᠰᠤᠷᠤᠭᠴᠢ ᠬᠡᠦᠬᠡᠳ ᠦᠳ ᠦᠨ ᠰᠣᠨᠢᠷᠬᠠᠯ ᠢ ᠲᠠᠲᠠᠵᠤ᠂ ᠣᠯᠠᠨ ᠤ ᠨᠢᠳᠦ ᠶᠢ ᠮᠢᠯᠢᠶᠠᠭᠰᠠᠨ ᠰᠠᠶᠢᠬᠠᠨ ᠪᠦᠲᠦᠭᠡᠯ ᠪᠣᠯᠵᠤ  ᠴᠢᠳᠠᠭᠰᠠᠨ ᠢᠶᠠᠷ ᠢᠶᠠᠨ ᠣᠨᠴᠠᠯᠢᠭ ᠪᠠᠶᠢᠯ᠎ᠠ᠃
ᠨ ᠂ ᠪᠠᠶᠠᠷ

ᠰᠡᠳᠬᠢᠭᠳᠡᠯ ᠦᠯᠡᠳᠡᠭᠡᠬᠦ