︽ᠳᠡᠯᠡᠬᠡᠢ ᠶᠢᠨ ᠨᠡᠭᠦᠳᠡᠯᠴᠢᠳ ᠦᠨ ᠨᠠᠭᠠᠳᠤᠮ︾ ᠢ ᠮᠤᠩᠭᠤᠯ ᠳᠤ ᠬᠢᠬᠦ ᠬᠦᠰᠡᠯᠲᠡ ᠭᠠᠷᠭᠠᠵᠠᠢ | News.MN

︽ᠳᠡᠯᠡᠬᠡᠢ ᠶᠢᠨ ᠨᠡᠭᠦᠳᠡᠯᠴᠢᠳ ᠦᠨ ᠨᠠᠭᠠᠳᠤᠮ︾ ᠢ ᠮᠤᠩᠭᠤᠯ ᠳᠤ ᠬᠢᠬᠦ ᠬᠦᠰᠡᠯᠲᠡ ᠭᠠᠷᠭᠠᠵᠠᠢ

《ᠳᠡᠯᠡᠬᠡᠢ ᠶᠢᠨ ᠨᠡᠭᠦᠳᠡᠯᠴᠢᠳ ᠦᠨ3 ᠳ᠋ᠤᠭᠠᠷ ᠨᠠᠭᠠᠳᠤᠮ 》 ᠺᠢᠷᠭᠢᠽᠰᠲ᠋ᠠᠨ ᠤ  ᠴᠤᠯᠫᠠᠨ-ᠠᠲ᠋ᠠ  ᠬᠤᠲᠠ ᠪᠤᠶᠤ ᠠᠯᠳᠠᠷᠲᠤ ᠢᠰᠰᠸᠺᠦ᠋ᠯ ᠨᠠᠭᠤᠷ ᠤᠨ ᠡᠷᠭᠢ ᠳᠦ ᠡᠨᠡ ᠰᠠᠷ᠎ᠠ ᠶᠢᠨ 2- ᠎᠎ 8 ᠍ ᠤ ᠬᠣᠭᠣᠷᠣᠨᠳᠣ ᠪᠣᠯᠵᠤ ᠥᠩᠭᠡᠷᠡᠯ᠎ᠡ᠃ ᠡᠨᠡᠬᠦ ᠨᠠᠭᠠᠳᠤᠮ ᠤᠨ ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠺᠢᠷᠭᠢᠽᠰᠲ᠋ᠠᠨ ᠤ ᠶᠡᠷᠦᠩᠬᠡᠶᠢᠯᠡᠭᠴᠢ ᠂  ᠲᠦᠷᠺ ᠤᠨ᠂ ᠬᠠᠰᠠᠭᠰᠲ᠋ᠠᠨ ᠤ ᠶᠡᠷᠦᠩᠬᠡᠶᠢᠯᠡᠭᠴᠢ  ᠂  ᠲᠠᠲ᠋ᠠᠷᠰᠲ᠋ᠠᠨ ᠤ ᠶᠡᠷᠦᠩᠬᠡᠶᠢᠯᠡᠭᠴᠢ ᠂ ᠠᠷᠠᠪ ᠤᠨ ᠨᠢᠭᠡᠳᠦᠭᠰᠡᠨ  ᠡᠮᠢᠷᠠᠲ ᠤᠯᠤᠰ ᠤᠨ ᠡᠯ- ᠹᠦᠵᠠᠶᠢᠷᠠ ᠬᠣᠲᠠ ᠶᠢᠨ  ᠬᠤᠩ ᠲᠠᠶᠢᠵᠢ᠂ ᠤᠩᠭᠠᠷᠢ ᠶᠢᠨ ᠶᠡᠷᠦᠩᠬᠡᠢ ᠰᠠᠶᠢᠳ ᠵᠡᠷᠭᠡ ᠲᠣᠮᠣᠬᠠᠨ ᠲᠥᠯᠥᠭᠡᠯᠡᠭᠴᠢᠳ ᠣᠷᠣᠯᠴᠠᠭᠰᠠᠨ ᠪᠠᠶᠢᠨ᠎ᠠ᠃
ᠰᠫᠣᠷᠲ ᠤᠨ 37 ᠲᠥᠷᠥᠯ ᠳᠦ 66 ᠣᠷᠣᠨ᠂ ᠣᠷᠣᠰ  ᠤᠨ ᠬᠣᠯᠪᠣᠭᠠᠨ ᠤ ᠤᠯᠤᠰ ᠤᠨ 11 ᠪᠥᠰᠡ ᠨᠤᠲᠤᠭ ᠤᠨ ᠨᠡᠶᠢᠲᠡ 1556 ᠲᠠᠮᠢᠷᠴᠢᠨ ᠥᠷᠢᠰᠦᠯᠳᠦᠭᠰᠡᠨ ᠪᠣᠯ ᠨᠠᠭᠠᠳᠤᠮ ᠢ ᠰᠤᠷᠪᠤᠯᠵᠢᠯᠠᠬᠤ ᠪᠠᠷ 56 ᠣᠷᠣᠨ ᠤ 50 ᠲᠧᠯᠧᠸᠢᠽ᠂ 12 ᠷᠠᠳᠢᠣ᠋᠂ 67 ᠮᠡᠳᠡᠭᠡᠯᠡᠯ ᠦᠨ   ᠠᠭ᠍ᠸᠡᠲᠯᠢᠭ᠋᠂ 48 ᠰᠣᠨᠢᠨ᠂ ᠴᠠᠬᠢᠮ ᠮᠡᠳᠡᠭᠡᠨ ᠦ 50 ᠠᠭ᠍ᠸᠡᠲᠯᠢᠭ᠋ ᠤᠨ ᠨᠡᠶᠢᠲᠡ 604 ᠰᠡᠳᠬᠦᠯᠴᠢ᠂ ᠵᠢᠷᠤᠭᠯᠠᠭᠠᠴᠢ ᠬᠦᠷᠦᠯᠴᠡᠨ ᠢᠷᠡᠵᠡᠢ᠃ ᠮᠥᠨ ᠨᠡᠭᠦᠳᠡᠯᠴᠢᠨ ᠰᠤᠶᠤᠯ ᠢ ᠬᠠᠷᠠᠭᠤᠯᠤᠭᠰᠠᠨ ᠭᠠᠷ ᠤᠷᠠᠯᠠᠯ ᠤᠨ ᠦᠵᠡᠰᠬᠦᠯᠡᠩ ᠳᠦ ᠬᠠᠰᠠᠭᠰᠲ᠋ᠠᠨ᠂ ᠣᠷᠣᠰ ᠬᠣᠯᠪᠣᠭᠠᠨ ᠤ ᠤᠯᠤᠰ᠂  ᠦᠽᠪᠸᠺᠰᠲ᠋ᠠᠨ᠂  ᠲᠠᠵᠢᠺᠰᠲ᠋ᠠᠨ᠂ ᠮᠣᠩᠭᠣᠯ᠂ ᠤᠩᠭᠠᠷᠢ ᠵᠡᠷᠭᠡ 11 ᠣᠷᠣᠨ ᠤ 500 ᠣᠷᠴᠢᠮ ᠬᠤᠳᠠᠯᠳᠤᠭᠠᠴᠢᠨ ᠢᠷᠡᠵᠦ ᠣᠷᠣᠯᠴᠠᠭᠰᠠᠨ ᠪᠠᠶᠢᠨ᠎ᠠ᠃
ᠨᠠᠭᠠᠳᠤᠮ ᠤᠨ ᠦᠶ᠎ᠡ ᠪᠡᠷ ᠮᠣᠩᠭᠣᠯ ᠤᠯᠤᠰ ᠤᠨ ᠲᠥᠯᠥᠭᠡᠯᠡᠭᠴᠢᠳ ᠢ ᠠᠬᠠᠯᠠᠵᠤ ᠶᠠᠪᠤᠭ᠎ᠠ   ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ᠍ ᠰᠠᠶᠢᠳ ᠨ ∙ ᠰᠡᠷᠡᠩᠪᠠᠲᠤ  ᠄ 2022 ᠣᠨ ᠳᠤ ᠮᠣᠩᠭᠣᠯ ᠤᠯᠤᠰ ︽ᠳᠡᠯᠡᠬᠡᠢ ᠶᠢᠨ ᠨᠡᠭᠦᠳᠡᠯᠴᠢᠳ ᠦᠨ5 ᠳ᠋ᠤᠭᠠᠷ ᠨᠠᠭᠠᠳᠤᠮ︾ ᠍ ᠢ ᠡᠬᠡ  ᠣᠷᠣᠨ ᠳᠤ ᠪᠠᠨ ᠵᠣᠬᠢᠶᠠᠨ ᠪᠠᠶᠢᠭᠤᠯᠬᠤ  ᠬᠦᠰᠡᠯᠲᠡ ᠪᠡᠨ ᠠᠯᠪᠠᠨ ᠶᠣᠰᠣᠭᠠᠷ ᠺᠢᠷᠭᠢᠽᠰᠲ᠋ᠠᠨ  ‍ᠣ ᠲᠠᠯ᠎ᠠ ᠳᠤ ᠲᠠᠯᠪᠢᠭᠰᠠᠨ᠃ ᠡᠨᠡᠬᠦ ᠨᠠᠭᠠᠳᠤᠮ ᠢ ᠮᠣᠩᠭᠣᠯ ᠤᠯᠤᠰ ᠵᠣᠬᠢᠶᠠᠨ ᠪᠠᠶᠢᠭᠤᠯᠵᠤ᠂ ᠳᠡᠮᠵᠢᠭᠰᠡᠨ ᠢᠶᠡᠷ ᠲᠥᠪ ᠠᠽᠢᠶ᠎ᠠ ᠶᠢᠨ ᠨᠡᠭᠦᠳᠡᠯᠴᠢᠨ ᠠᠷᠠᠳ ᠢᠷᠭᠡᠳ ᠢ ᠨᠡᠭᠦᠳᠡᠯᠴᠢᠳ ᠦᠨ ᠥᠯᠥᠭᠡᠢ ᠨᠤᠲᠤᠭ ᠲᠤ ᠨᠢ ᠤᠷᠢᠬᠤ᠂ ᠡᠨᠡ ᠬᠦᠷᠢᠶᠡᠨ ᠳᠦ ᠠᠶᠠᠯᠠᠯ ᠵᠢᠭᠤᠯᠴᠢᠯᠠᠯ ᠢ ᠬᠥᠭᠵᠢᠭᠦᠯᠬᠦ ᠪᠣᠯᠤᠮᠵᠢ ᠶᠢ ᠰᠤᠳᠤᠯᠵᠤ ᠪᠠᠶᠢᠨ᠎ᠠ ᠭᠡᠪᠡ᠃ ᠡᠨᠡ ᠤᠳᠠᠭ᠎ᠠ ᠶᠢᠨ ᠨᠠᠭᠠᠳᠤᠮ ᠤᠨ ᠰᠫᠣᠷᠲ ᠤᠨ ᠬᠥᠲᠥᠯᠪᠦᠷᠢ ᠳᠦ ᠠᠩᠬ᠎ᠠ ᠤᠳᠠᠭ᠎ᠠ ᠮᠣᠩᠭᠣᠯ ᠦᠨᠳᠦᠰᠦᠨ ᠦ ᠪᠥᠬᠡ ᠶᠢᠨ ᠪᠠᠷᠢᠯᠳᠤᠭᠠᠨ ᠢ ᠪᠠᠭᠲᠠᠭᠠᠭᠰᠠᠨ ᠪᠥᠭᠡᠳ ᠡᠬᠢᠨ ᠦ ᠲᠡᠮᠡᠴᠡᠭᠡᠨ ᠳᠦ ᠮᠣᠩᠭᠣᠯ ᠤᠯᠤᠰ ᠤᠨ ᠨᠠᠴᠢᠨ ᠳᠣᠷᠵᠢ ᠶᠢᠨ ᠠᠨᠠᠷ ᠲᠦᠷᠦᠭᠦᠯᠡᠵᠦ᠂ ᠥᠪᠥᠷ ᠮᠣᠩᠭᠣᠯ ᠤᠨ ᠪᠥᠬᠡ ᠠᠯᠲᠠᠨᠰᠦ᠋ᠬᠡ ᠦᠵᠦᠭᠦᠷᠯᠡᠯ᠎ᠡ᠃
ᠳ ∙ ᠨᠢᠮᠠᠲᠤᠯᠭ᠎ᠠ

ᠰᠡᠳᠬᠢᠭᠳᠡᠯ ᠦᠯᠡᠳᠡᠭᠡᠬᠦ