ᠬᠠᠰᠠᠭ ᠪᠦᠲᠦᠭᠡᠭᠳᠡᠬᠦᠨ ᠭᠠᠳᠠᠭᠠᠳᠤ  ᠳᠤ ᠭᠠᠷᠭᠠᠨ᠎ᠠ | News.MN

ᠬᠠᠰᠠᠭ ᠪᠦᠲᠦᠭᠡᠭᠳᠡᠬᠦᠨ ᠭᠠᠳᠠᠭᠠᠳᠤ  ᠳᠤ ᠭᠠᠷᠭᠠᠨ᠎ᠠ

ᠪᠠᠶᠠᠨ-ᠥᠯᠥᠭᠡᠢ ᠠᠶᠢᠮᠠᠭ ᠤᠨ ᠨᠤᠷᠵᠠᠶᠢᠯᠤ ᠺᠣᠮᠫᠠᠨᠢ ᠰᠠᠶ᠋ᠢᠬᠠᠨ ᠵᠢᠯ ᠳᠦ 175 ᠮᠢᠩᠭᠠᠨ ᠮᠧᠲ᠋ᠷ ᠢᠰᠡᠭᠡᠢ ᠦᠢᠯᠡᠳᠪᠦᠷᠢᠯᠡᠬᠦ ᠬᠦᠴᠦᠨ ᠴᠢᠳᠠᠯ ᠲᠠᠢ ᠦᠢᠯᠡᠳᠪᠦᠷᠢ ᠪᠠᠶᠢᠭᠤᠯᠵᠠᠢ᠃ ᠺᠣᠮᠫᠠᠨᠢ ᠶᠢᠨ ᠵᠠᠬᠢᠷᠤᠯ ᠾᠢᠲ᠋ᠢᠷᠫᠠᠲᠱᠠᠭ ᠤᠨ ᠲᠠᠶᠢᠯᠪᠤᠷᠢᠯᠠᠭᠰᠠᠨ ᠢᠶᠠᠷ ᠲᠤᠰ ᠺᠣᠮᠫᠠᠨᠢ ᠨᠢ ᠬᠣᠨᠢ᠂ ᠲᠡᠮᠡᠭᠡᠨ ᠦ ᠨᠣᠣᠰᠣ ᠶᠢ ᠪᠣᠯᠪᠠᠰᠤᠷᠠᠭᠤᠯᠵᠤ᠂ ᠡᠴᠦᠰ ᠦᠨ ᠪᠦᠲᠦᠭᠡᠭᠳᠡᠬᠦᠨ ᠦᠢᠯᠡᠳᠪᠦᠷᠢᠯᠡᠬᠦ ᠶᠢ ᠵᠣᠷᠢᠵᠤ ᠪᠠᠶᠢᠭ᠎ᠠ ᠠᠵᠢ᠃ ᠲᠡᠷᠡᠪᠡᠷ  ᠄ ᠮᠠᠨ ᠤ ᠦᠢᠯᠡᠳᠪᠦᠷᠢ ᠪᠠᠶᠠᠨ-ᠥᠯᠥᠭᠡᠢ ᠠᠶᠢᠮᠠᠭ ᠤᠨ ᠪᠦᠬᠦ ᠬᠤᠷᠠᠭᠠᠨ ᠤ ᠨᠣᠣᠰᠣ ᠶᠢ ᠪᠣᠯᠪᠠᠰᠤᠷᠠᠭᠤᠯᠬᠤ ᠬᠦᠴᠦᠨ ᠴᠢᠳᠠᠯ ᠲᠠᠢ᠃ ᠥᠨᠥᠳᠥᠷ ᠦᠨ ᠪᠠᠶᠢᠳᠠᠯ ᠢᠶᠠᠷ ᠬᠦᠴᠦᠨ ᠴᠢᠳᠠᠯ ᠤᠨ ᠢᠶᠠᠨ 50  ᠠᠴᠠ ᠳᠡᠭᠡᠭᠰᠢ  ᠬᠤᠪᠢ ᠶᠢ ᠠᠰᠢᠭᠯᠠᠵᠤ ᠴᠢᠳᠠᠵᠤ ᠪᠠᠶᠢᠨ᠎ᠠ᠃ ᠬᠤᠷᠠᠭᠠᠨ ᠤ ᠨᠣᠣᠰᠣ ᠪᠠᠷ ᠶᠠᠩᠵᠤ ᠪᠦᠷᠢ ᠶᠢᠨ ᠥᠩᠭᠡ ᠶᠢᠨ ᠭᠡᠷ ᠦᠨ ᠢᠰᠡᠭᠡᠢ᠂ ᠰᠢᠷᠳᠡᠭ ᠦᠨ ᠢᠰᠡᠭᠡᠢ ᠦᠢᠯᠡᠳᠪᠦᠷᠢᠯᠡᠳᠡᠭ᠃ ᠮᠥᠨ ᠢᠰᠡᠭᠡᠢ ᠪᠡᠷ ᠦᠨᠳᠦᠰᠦᠨ ᠦ ᠣᠨᠴᠠᠯᠢᠭ ᠪᠦᠬᠦᠢ ᠰᠢᠷᠳᠡᠭ᠂ ᠭᠡᠷ ᠦᠨ ᠲᠣᠨᠣᠭᠯᠠᠯ᠂ ᠭᠠᠷ ᠤᠷᠠᠯᠠᠯ ᠤᠨ ᠪᠦᠲᠦᠭᠡᠭᠳᠡᠬᠦᠨ ᠨᠦᠭᠦᠳ ᠢ ᠬᠢᠵᠦ ᠪᠠᠶᠢᠭ᠎ᠠ᠃ ᠺᠣᠮᠫᠠᠨᠢ ᠮᠠᠨᠢ ᠪᠠᠶᠢᠭᠤᠯᠤᠭᠳᠠᠭᠠᠳ ᠤᠳᠠᠭ᠎ᠠ ᠦᠭᠡᠢ ᠴᠤ 15 ᠬᠦᠮᠦᠨ ᠢ ᠠᠵᠢᠯ ᠤᠨ ᠪᠠᠶᠢᠷᠢ ᠲᠠᠢ ᠪᠣᠯᠭᠠᠭᠰᠠᠨ ᠭᠡᠯ᠎ᠡ᠃
ᠨᠤᠷᠵᠠᠶᠢᠯᠤ ᠺᠣᠮᠫᠠᠨᠢ ᠶᠢᠨ ᠦᠢᠯᠡᠳᠪᠦᠷᠢᠯᠡᠭᠰᠡᠨ ᠢᠰᠡᠭᠡᠢ ᠶᠢᠨ ᠪᠦᠲᠦᠭᠡᠭᠳᠡᠬᠦᠨ ᠢ ᠭᠠᠳᠠᠭᠠᠳᠤ ᠶᠢᠨ ᠵᠢᠭᠤᠯᠴᠢᠳ ᠶᠡᠬᠡ ᠪᠡᠷ ᠰᠣᠨᠢᠷᠬᠠᠨ ᠬᠤᠳᠠᠯᠳᠤᠵᠤ ᠠᠪᠳᠠᠭ ᠪᠠᠶᠢᠨ᠎ᠠ᠃ ᠴᠢᠨᠠᠭᠰᠢᠳᠠ ᠭᠠᠳᠠᠭᠠᠳᠤ ᠳᠤ ᠭᠠᠷᠭᠠᠬᠤ ᠪᠠᠷ ᠲᠥᠯᠥᠪᠯᠡᠵᠦ ᠪᠠᠶᠢᠭ᠎ᠠ ᠪᠥᠭᠡᠳ ᠠᠦᠢᠰᠲᠷᠠᠯᠢᠶ᠎ᠠ᠂  ᠰᠸᠢᠰ᠂ ᠬᠠᠰᠠᠭᠰᠲ᠋ᠠᠨ᠂ ᠺᠢᠷᠭᠢᠽ ᠤᠯᠤᠰ ᠤᠳ ᠲᠠᠢ ᠭᠡᠷ᠎ᠡ ᠪᠠᠶᠢᠭᠤᠯᠵᠤ ᠡᠬᠢᠯᠡᠵᠡᠢ᠃
ᠥ᠊ ∙  ᠨᠤᠷᠪᠤᠯᠠᠲ

ᠰᠡᠳᠬᠢᠭᠳᠡᠯ ᠦᠯᠡᠳᠡᠭᠡᠬᠦ