ᠠᠩᠬᠠᠨ ᠤ ᠪᠠᠭ᠎ᠠ ᠰᠤᠷᠭᠠᠭᠤᠯᠢ 100 ᠵᠢᠯ ᠦᠨ ᠣᠢ ᠪᠠᠷ ᠢᠶᠠᠨ ᠮᠦᠽᠧᠢ ᠪᠣᠯᠪᠠ | News.MN

ᠠᠩᠬᠠᠨ ᠤ ᠪᠠᠭ᠎ᠠ ᠰᠤᠷᠭᠠᠭᠤᠯᠢ 100 ᠵᠢᠯ ᠦᠨ ᠣᠢ ᠪᠠᠷ ᠢᠶᠠᠨ ᠮᠦᠽᠧᠢ ᠪᠣᠯᠪᠠ

ᠠᠷᠤᠬᠠᠩᠭᠠᠢ ᠠᠶᠢᠮᠠᠭ ᠤᠨ ᠶᠡᠬᠡᠲᠠᠮᠢᠷ ᠰᠤᠮᠤ ᠶᠢᠨ ᠬᠠᠨ-ᠥᠨᠳᠥᠷ ᠪᠠᠭ ᠤᠨ ᠠᠩᠬᠠᠨ ᠤ ᠪᠠᠭ᠎ᠠ ᠰᠤᠷᠭᠠᠭᠤᠯᠢ ᠶᠢᠨ 100 ᠵᠢᠯ ᠦᠨ ᠣᠢ ᠶᠢ ᠦᠶ᠎ᠡ ᠦᠶ᠎ᠡ ᠶᠢᠨ ᠪᠠᠭᠰᠢ ᠰᠤᠷᠭᠠᠨ ᠬᠦᠮᠦᠵᠢᠭᠦᠯᠦᠭᠴᠢᠳ᠂ ᠲᠡᠭᠦᠰᠦᠭᠴᠢᠳ᠂ ᠨᠤᠲᠤᠭ ᠤᠨ ᠵᠣᠨ ᠣᠯᠠᠨ ᠬᠠᠮᠲᠤ ᠳᠤ ᠪᠠᠨ ᠶᠣᠰᠣᠯᠠᠯ ᠲᠡᠭᠦᠯᠳᠡᠷ ᠲᠡᠮᠳᠡᠭᠯᠡᠵᠡᠢ᠃ ᠤᠯᠤᠰ ᠤᠨ ᠤᠤᠭᠠᠨ ᠪᠠᠭ᠎ᠠ ᠰᠤᠷᠭᠠᠭᠤᠯᠢ ᠶᠢᠨ ᠡᠨᠡᠬᠦ ᠲᠡᠦᠬᠡᠲᠦ ᠣᠢ ᠶᠢ ᠤᠭᠲᠤᠵᠤ ᠰᠤᠷᠭᠠᠭᠤᠯᠢ ᠶᠢᠨ ᠬᠢᠴᠢᠶᠡᠯ ᠤᠨ ᠪᠣᠯᠤᠨ ᠳᠣᠲᠣᠭᠤᠷ ᠪᠠᠶᠢᠷᠢ ᠶᠢ 100 ᠵᠢᠯ ᠦᠨ ᠲᠡᠷᠲᠡᠭᠡᠬᠢ ᠵᠠᠭᠪᠤᠷ ᠲᠥᠷᠬᠥ ᠪᠡᠷ ᠨᠢ ᠬᠠᠳᠠᠭᠠᠯᠠᠨ ᠰᠡᠷᠭᠦᠭᠡᠨ ᠵᠠᠰᠠᠪᠤᠷᠢᠯᠠᠭᠰᠠᠨ ᠪᠠᠶᠢᠨ᠎ᠠ᠃
ᠬᠠᠭᠤᠴᠢᠨ ᠤ ᠲᠡᠦᠬᠡ ᠥᠭᠦᠯᠡᠬᠦ ᠨᠣᠮ ᠰᠤᠷᠬᠤ ᠪᠢᠴᠢᠭ᠂ ᠬᠥᠭᠵᠢᠮ ᠦᠨ ᠵᠢᠮᠰᠡᠭ᠂ ᠳᠦᠷᠢᠮᠲᠦ ᠬᠤᠪᠴᠠᠰᠤ᠂ ᠭᠡᠷᠡᠯ ᠵᠢᠷᠤᠭ᠂ ᠪᠦᠲᠦᠭᠡᠯ ᠢᠶᠡᠷ ᠨᠢ ᠦᠵᠡᠰᠬᠦᠯᠡᠩ ᠭᠠᠷᠭᠠᠭᠰᠠᠨ ᠲᠤᠰ ᠰᠤᠷᠭᠠᠭᠤᠯᠢ ᠶᠢ ᠠᠷᠤᠬᠠᠩᠭᠠᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠰᠢᠢᠳᠪᠦᠷᠢ ᠪᠡᠷ ᠤᠯᠤᠰ ᠤᠨ ᠬᠠᠮᠠᠭᠠᠯᠠᠯᠲᠠ ᠳᠤ ᠠᠪᠴᠤ᠂ ᠪᠣᠯᠪᠠᠰᠤᠷᠠᠯ᠂ ᠥᠪ ᠰᠤᠶᠤᠯ ᠤᠨ ᠲᠡᠦᠬᠡᠨ ᠮᠦᠽᠧᠢ ᠪᠣᠯᠭᠠᠵᠠᠢ᠃
ᠣᠢ ᠶᠢᠨ ᠬᠦᠷᠢᠶᠡᠨ ᠳᠦ ᠲᠡᠦᠬᠡ ᠦᠭᠦᠯᠡᠭᠰᠡᠨ ᠪᠠᠷᠢᠮᠲᠠᠲᠤ ᠺᠢᠨᠣ᠋ ᠪᠦᠲᠦᠭᠡᠵᠦ᠂ ᠭᠠᠳᠠᠭᠠᠳᠤ ᠳᠣᠲᠣᠭᠠᠳᠤ ᠶᠢᠨ ᠡᠷᠳᠡᠮᠲᠡᠨ ᠰᠤᠳᠤᠯᠤᠭᠠᠴᠢᠳ ᠢ ᠣᠷᠤᠯᠴᠠᠭᠤᠯᠤᠭᠰᠠᠨ ᠡᠷᠳᠡᠮ ᠰᠢᠨᠵᠢᠯᠡᠭᠡᠨ ᠦ ᠪᠠᠭ᠎ᠠ ᠬᠤᠷᠠᠯ ᠵᠣᠬᠢᠶᠠᠨ ᠪᠠᠶᠢᠭᠤᠯᠤᠭᠰᠠᠨ ᠪᠠᠶᠢᠨ᠎ᠠ᠃ ᠬᠠᠨ-ᠥᠨᠳᠥᠷ ᠪᠠᠭ ᠤᠨ ᠬᠢᠨ ᠪᠠᠭ᠎ᠠ ᠰᠤᠷᠭᠠᠭᠤᠯᠢ ᠶᠢᠨ ᠢᠶᠠᠨ 100 ᠵᠢᠯ ᠦᠨ ᠣᠢ ᠶᠢ ᠲᠡᠮᠳᠡᠭᠯᠡᠬᠦ ᠪᠠᠶᠠᠷᠲᠤ ᠡᠳᠦᠷ ᠦᠳ ᠢᠶᠡᠷ ᠠᠩᠬ᠎ᠠ ᠤᠳᠠᠭ᠎ᠠ ᠭᠡᠷᠡᠯ ᠴᠠᠬᠢᠯᠭᠠᠨ ᠲᠠᠢ ᠪᠣᠯᠵᠠᠢ᠃
ᠳ᠂ ᠲᠤᠶᠠᠭ᠎ᠠ

ᠰᠡᠳᠬᠢᠭᠳᠡᠯ ᠦᠯᠡᠳᠡᠭᠡᠬᠦ