ᠠᠭᠤᠯᠠ ᠠᠭᠤᠷᠬᠠᠢ ᠶᠢᠨ ᠬᠥᠷᠥᠩᠭᠡ ᠣᠷᠣᠭᠤᠯᠤᠭᠴᠢᠳ 16 ᠳᠠᠬᠢ ᠵᠢᠯ ᠳᠦ ᠪᠡᠨ ᠤᠯᠠᠭᠠᠨᠪᠠᠭᠠᠲᠤᠷ ᠲᠤ ᠴᠢᠭᠤᠯᠤᠨ᠎ᠠ | News.MN

ᠠᠭᠤᠯᠠ ᠠᠭᠤᠷᠬᠠᠢ ᠶᠢᠨ ᠬᠥᠷᠥᠩᠭᠡ ᠣᠷᠣᠭᠤᠯᠤᠭᠴᠢᠳ 16 ᠳᠠᠬᠢ ᠵᠢᠯ ᠳᠦ ᠪᠡᠨ ᠤᠯᠠᠭᠠᠨᠪᠠᠭᠠᠲᠤᠷ ᠲᠤ ᠴᠢᠭᠤᠯᠤᠨ᠎ᠠ

ᠤᠯᠠᠭᠠᠨᠪᠠᠭᠠᠲᠤᠷ ᠬᠣᠲᠠᠨ ᠢᠶᠠᠨ ᠢᠷᠡᠬᠦ ᠶᠢᠰᠦᠳᠦᠭᠡᠷ ᠰᠠᠷ᠎ᠠ ᠶᠢᠨ 7 ᠍ ᠳᠤ 《ᠳ᠋ᠢᠰᠺᠣᠸᠧᠷ ᠮᠣᠩᠭᠣᠯᠢᠶᠠ》 ᠬᠥᠷᠦᠩᠭᠡ ᠣᠷᠣᠭᠤᠯᠤᠭᠴᠢᠳ ᠤᠨ ᠣᠯᠠᠨ ᠤᠯᠤᠰ ᠤᠨ ᠴᠢᠭᠤᠯᠭ᠎ᠠ ᠠᠭᠤᠯᠵᠠᠯᠲᠠ ᠶᠢ 16 ᠳ᠋ᠠᠬᠢ ᠵᠢᠯ ᠳᠦ ᠪᠡᠨ ᠵᠣᠬᠢᠶᠠᠨ ᠪᠠᠶᠢᠭᠤᠯᠬᠤ ᠪᠠᠷ ᠲᠣᠪᠯᠠᠵᠠᠢ᠃ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠲᠡᠷᠢᠭᠦᠯᠡᠬᠦ ᠰᠠᠯᠪᠤᠷᠢ ᠪᠣᠯ ᠠᠭᠤᠯᠠ ᠠᠭᠤᠷᠬᠠᠢ᠃ ᠲᠡᠶᠢᠮᠦ ᠡᠴᠡ ᠵᠢᠯ ᠪᠣᠯᠭᠠᠨ ᠠᠭᠤᠯᠠ ᠠᠭᠤᠷᠬᠠᠢ ᠶᠢᠨ ᠰᠠᠯᠪᠤᠷᠢ ᠶᠢᠨ ᠬᠢᠨ ᠬᠤᠷᠠᠯᠳᠤᠵᠤ᠂ ᠰᠠᠯᠪᠤᠷᠢ ᠶᠢᠨ ᠢᠶᠠᠨ ᠵᠣᠪᠠᠯᠠᠩ ᠵᠢᠷᠭᠠᠯ ᠢ ᠶᠠᠷᠢᠯᠴᠠᠳᠠᠭ᠃ ᠡᠨᠡ ᠤᠳᠠᠭ᠎ᠠ ᠶᠢᠨ ᠴᠢᠭᠤᠯᠭ᠎ᠠ ᠠᠭᠤᠯᠵᠠᠯᠲᠠ ᠳᠤ ᠵᠠᠰᠠᠭ ᠤᠨ ᠭᠠᠵᠠᠷ ᠢ ᠲᠥᠯᠦᠭᠡᠯᠡᠵᠦ ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠰᠠᠶᠢᠳ ᠳ ∙ ᠰᠤᠮᠢᠶᠠᠪᠠᠽᠠᠷ ᠢᠯᠡᠳᠬᠡᠯ ᠲᠠᠯᠪᠢᠨ᠎ᠠ᠃ ᠲᠡᠷᠡᠪᠡᠷ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠲᠡᠷᠢᠭᠦᠯᠡᠬᠦ ᠰᠠᠯᠪᠤᠷᠢ ᠶᠢ ᠬᠥᠭᠵᠢᠭᠦᠯᠬᠦ ᠨᠢ ᠰᠡᠳᠦᠪ ᠦᠨ ᠳᠣᠣᠷ᠎ᠠ ᠠᠷᠠᠳ ᠤᠨ ᠵᠠᠰᠠᠭ ᠤᠨ ᠭᠠᠵᠠᠷ ᠠᠴᠠ ᠪᠠᠷᠢᠵᠤ ᠪᠠᠶᠢᠭ᠎ᠠ ᠪᠣᠳᠣᠯᠭ᠎ᠠ᠂ ᠰᠢᠢᠳᠪᠦᠷᠢ ᠨᠦᠭᠦᠳ ᠢᠶᠡᠨ ᠲᠠᠨᠢᠯᠴᠠᠭᠤᠯᠬᠤ ᠠᠵᠤ᠃ ᠮᠡᠳᠡᠭᠡᠵᠢ᠂ ᠪᠠᠶᠠᠯᠢᠭ ᠤᠨ ᠰᠠᠩ ᠪᠣᠯᠤᠭᠠᠳ ᠲᠠᠪᠤᠨᠲᠣᠯᠣᠭᠠᠢ ᠶᠢᠨ ᠲᠠᠯᠠᠭᠠᠷᠬᠢ ᠮᠡᠳᠡᠭᠡᠯᠡᠯ ᠢᠶᠡᠨ ᠴᠤ ᠬᠦᠷᠭᠡᠬᠦ ᠪᠢᠵᠡ᠃ ᠠᠭᠤᠯᠠ ᠠᠭᠤᠷᠬᠠᠢ ᠶᠢᠨ ᠰᠠᠯᠪᠤᠷᠢ ᠶᠢᠨ ᠬᠤᠪᠢ ᠳᠤ ᠬᠠᠮᠤᠭ ᠤᠨ ᠶᠡᠬᠡ ᠲᠤᠯᠭᠠᠮᠳᠠᠭᠰᠠᠨ ᠠᠰᠠᠭᠤᠳᠠᠯ ᠨᠢ ᠬᠠᠤᠯᠢ ᠡᠷᠬᠡ ᠵᠦᠢ ᠶᠢᠨ ᠣᠷᠴᠢᠨ᠃ ᠮᠣᠩᠭᠣᠯ ᠤᠯᠤᠰ ᠬᠠᠤᠯᠢ ᠲᠠᠢ ᠴᠤ ᠶᠤᠮ ᠰᠢᠭ ᠬᠠᠤᠯᠢ ᠦᠭᠡᠢ ᠴᠤ ᠶᠤᠮ ᠰᠢᠭ ᠤᠯᠤᠰ ᠪᠣᠯᠵᠤ ᠬᠤᠪᠢᠷᠠᠭᠰᠠᠨ᠃ ᠤᠴᠢᠷ ᠨᠢ ᠬᠥᠷᠦᠩᠭᠡ ᠣᠷᠣᠭᠤᠯᠤᠭᠴᠢᠳ ᠢ ᠳᠠᠷᠤᠮᠲᠠᠯᠠᠬᠤ᠂ ᠰᠢᠨᠲᠠᠵᠤᠯᠠᠬᠤ᠂ ᠦᠢᠯᠡ ᠠᠵᠢᠯᠯᠠᠭᠠᠨ ᠳᠤ ᠨᠢ ᠰᠠᠭᠠᠳ ᠪᠡᠷᠬᠡᠰᠢᠶᠡᠯ ᠤᠴᠠᠷᠠᠭᠤᠯᠬᠤ ᠡᠬᠡ ᠣᠷᠣᠨᠴᠢ ᠲᠥᠷᠦ ᠶᠢᠨ ᠣᠷᠳᠣᠨ ᠳᠤ ᠴᠤ᠂ ᠭᠤᠳᠤᠮᠵᠢᠨ ᠳᠤ ᠴᠤ᠂ ᠣᠷᠣᠨ ᠨᠤᠲᠤᠭ ᠴᠤ ᠴᠥᠭᠡᠨ ᠦᠭᠡᠢ ᠪᠤᠢ᠃ ᠮᠡᠳᠡᠭᠡᠵᠢ᠂ ᠣᠶᠤᠨᠲᠣᠯᠣᠭᠠᠢ ᠶᠢᠨ ᠦᠢᠯᠡ ᠠᠵᠢᠯᠯᠠᠭᠠᠨ ᠤ ᠲᠠᠨᠢᠯᠴᠠᠭᠤᠯᠭ᠎ᠠ ᠣᠯᠠᠨ ᠤᠯᠤᠰ ᠤᠨ ᠬᠥᠷᠥᠩᠭᠡ ᠣᠷᠣᠭᠤᠯᠤᠭᠴᠢᠳ ᠤᠨ ᠰᠣᠨᠢᠷᠬᠠᠯ ᠢ ᠲᠠᠲᠠᠬᠤ ᠪᠠᠶᠢᠬᠤ᠃

ᠬᠥᠷᠦᠩᠭᠡ ᠣᠷᠣᠭᠤᠯᠤᠭᠴᠢᠳ ᠤᠨ ᠵᠦᠭ ᠡᠴᠡ 16 ᠵᠢᠯ ᠦᠨ ᠲᠤᠷᠰᠢ ᠮᠣᠩᠭᠣᠯ ᠤᠨ ᠲᠥᠷᠦ ᠳᠦ ᠲᠠᠯᠪᠢᠳᠠᠭ ᠭᠠᠭᠴᠠ ᠬᠦᠰᠡᠯ ᠳᠦ ᠨᠢ ᠲᠣᠭᠯᠠᠭᠠᠮ ᠤᠨ ᠳᠦᠷᠢᠮ ᠢᠶᠡᠨ ᠲᠣᠳᠣᠷᠬᠠᠢ ᠪᠣᠯᠭᠠᠬᠤ᠂ ᠲᠥᠷᠦ ᠶᠢᠨ ᠪᠣᠳᠣᠯᠭ᠎ᠠ ᠪᠠᠨ ᠵᠠᠯᠭᠠᠮᠵᠢᠯᠠᠬᠤ᠃ ᠨᠢᠭᠡ ᠵᠠᠰᠠᠭ ᠭᠠᠷᠴᠤ ᠢᠷᠡᠭᠡᠳ ᠨᠢᠭᠡ ᠠᠰᠠᠭᠤᠳᠠᠯ ᠶᠠᠷᠢᠳᠠᠭ᠂ ᠨᠥᠭᠥᠭᠡ ᠵᠠᠰᠠᠭ ᠨᠢ ᠦᠭᠡᠶᠢᠰᠬᠡᠳᠡᠭ ᠶᠠᠪᠤᠳᠠᠯ ᠬᠥᠷᠥᠩᠭᠡ ᠣᠷᠣᠭᠤᠯᠤᠭᠴᠢᠳ ᠢ ᠦᠷᠭᠦᠭᠡᠬᠦ ᠰᠢᠯᠲᠠᠭ᠎ᠠ ᠨᠤᠭᠤᠳ ᠤᠨ ᠨᠢᠭᠡ ᠪᠣᠯᠤᠭᠰᠠᠨ᠃ ᠲᠡᠶᠢᠮᠦ ᠡᠴᠡ ᠣᠯᠠᠨ ᠤᠯᠤᠰ ᠤᠨ ᠴᠢᠭᠤᠯᠭ᠎ᠠ ᠠᠭᠤᠯᠵᠠᠯᠲᠠ ᠪᠠᠷ ᠶᠠᠷᠢᠭᠰᠠᠨ ᠢᠶᠠᠨ ᠬᠡᠷᠡᠭᠵᠢᠭᠦᠯᠬᠦ ᠨᠢ ᠴᠢᠬᠤᠯᠠ᠃ ᠠᠭᠤᠯᠵᠠᠯᠲᠠ ᠵᠣᠬᠢᠶᠠᠨ ᠪᠠᠶᠢᠭᠤᠯᠬᠤ ᠶᠢᠨ ᠠᠴᠢ ᠬᠣᠯᠪᠣᠭᠳᠠᠯ ᠨᠢ ᠦᠷ᠎ᠡ ᠳ᠋ᠦᠩ᠃ ᠡᠨᠡᠬᠦ ᠴᠢᠭᠤᠯᠭ᠎ᠠ ᠠᠭᠤᠯᠵᠠᠯᠲᠠ ᠶᠢᠨ ᠮᠣᠩᠭᠣᠯ ᠤᠨ ᠵᠠᠰᠠᠭ ᠤᠨ ᠭᠠᠵᠠᠷ᠂ ᠠᠭᠤᠯᠠ ᠠᠭᠤᠷᠬᠠᠢ ᠶᠢᠨ ᠠᠰᠰᠣᠴᠢᠶᠠᠴᠢ᠂ ᠪᠢᠽᠢᠨ᠋ᠧᠰ ᠦᠨ ᠵᠥᠪᠯᠡᠯ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ