ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸᠯᠠᠳᠢᠮᠢᠷ ᠫᠦᠲ᠋ᠢᠨ ᠣᠷᠣᠰ ᠮᠣᠩᠭᠣᠯ ᠬᠣᠶᠠᠷ ᠤᠯᠤᠰ ᠤᠨ ᠬᠣᠭᠣᠷᠣᠨᠳᠣ ᠶᠢᠨ ᠬᠠᠷᠢᠯᠴᠠᠭ᠎ᠠ ᠬᠥᠭᠵᠢᠨ ᠳᠡᠪᠵᠢᠵᠦ ᠪᠤᠢ ᠳᠤ ᠰᠡᠳᠬᠢᠯ ᠬᠠᠨᠤᠮᠵᠢᠲᠠᠢ ᠪᠠᠶᠢᠭ᠎ᠠ ᠪᠠᠨ ᠢᠯᠡᠷᠬᠡᠶᠢᠯᠡᠵᠡᠢ᠃ ᠡᠨᠡ ᠲᠠᠯ᠎ᠠ ᠪᠠᠷ ᠲᠡᠷᠡ ᠪᠡᠷ ᡀᠠᠭᠪᠠ ᠭᠠᠷᠠᠭ ᠲᠤ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠶᠢᠨ ᠬᠦᠷᠢᠶᠡᠨ ᠳᠦ ᠮᠣᠩᠭᠣᠯ ᠤᠯᠤᠰ ᠤᠨ ᠤᠳᠤᠷᠢᠳᠤᠭᠴᠢ ᠬᠠᠯᠲᠠᠮ᠎ᠠ ᠶᠢᠨ ᠪᠠᠲᠤᠲᠤᠯᠭ᠎ᠠ ᠲᠠᠢ ᠬᠡᠯᠡᠯᠴᠡᠭᠡ ᠬᠢᠬᠦ ᠦᠶ᠎ᠡ ᠪᠡᠷ ᠢᠶᠡᠨ ᠮᠡᠳᠡᠭᠳᠡᠭᠰᠡᠨ ᠢ ᠲᠠᠰᠰ ᠠᠭᠧᠨᠲᠯᠢᠭ ᠤᠯᠠᠮᠵᠢᠯᠠᠪᠠ᠃ ᠫᠦᠲ᠋ᠢᠨ ᠄ ᠮᠠᠨ ᠤ ᠬᠣᠶᠠᠷ ᠣᠷᠣᠨ ᠤ ᠬᠣᠭᠣᠷᠣᠨᠳᠣ ᠶᠢᠨ ᠬᠠᠷᠢᠯᠴᠠᠭ᠎ᠠ ᠡᠮᠦᠨᠡᠬᠢ ᠰᠢᠢᠳᠪᠦᠷᠢ ᠨᠦᠭᠦᠳ ᠦᠨ ᠦᠨᠳᠦᠰᠦᠨ ᠳᠡᠭᠡᠷ᠎ᠡ ᠲᠣᠭᠲᠠᠪᠤᠷᠢᠲᠠᠢ ᠤᠷᠤᠭᠰᠢᠯᠠᠨ ᠬᠥᠭᠵᠢᠵᠦ ᠪᠠᠶᠢᠨ᠎ᠠ᠃ ᠰᠢᠢᠳᠪᠦᠷᠢ ᠨᠦᠭᠦᠳ ᠦᠨ ᠬᠡᠷᠡᠭᠵᠢᠯᠲᠡ ᠳᠦ ᠰᠡᠳᠬᠢᠯ ᠬᠠᠩᠭᠠᠯᠤᠭᠤᠨ ᠪᠠᠶᠢᠨ᠎ᠠ ᠬᠡᠮᠡᠨ ᠬᠡᠯᠡᠵᠡᠢ᠃
ᠣᠷᠣᠰ ᠤᠨ ᠬᠣᠯᠪᠣᠭᠠᠨ ᠤ ᠤᠯᠤᠰ ᠤᠨ ᠤᠳᠤᠷᠢᠳᠤᠭᠴᠢ ᠮᠣᠩᠭᠣᠯ ᠤᠨ ᠲᠦᠩᠰᠢ ᠳᠦ ᠪᠡᠨ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠳᠤ ᠤᠯᠤᠰ ᠤᠨ ᠢᠶᠠᠨ ᠲᠥᠯᠥᠭᠡᠯᠡᠭᠴᠢᠳ ᠢ ᠬᠣᠶᠠᠷᠲᠠ ᠲᠡᠷᠢᠭᠦᠯᠡᠨ ᠣᠷᠣᠯᠴᠠᠵᠤ ᠪᠤᠢ ᠳᠤ ᠨᠢ ᠲᠠᠯᠠᠷᠬᠠᠯ ᠢᠶᠠᠨ ᠢᠯᠡᠷᠬᠡᠶᠢᠯᠡᠭᠰᠡᠨ ᠪᠠᠶᠢᠨ᠎ᠠ᠃ ᠫᠦᠲ᠋ᠢᠨ 2017 ᠣᠨ ᠳᠤ ᠬᠣᠶᠠᠷ ᠣᠷᠣᠨ ᠤ ᠪᠠᠷᠠᠭ᠎ᠠ ᠡᠷᠭᠢᠯᠲᠡ ᠪᠠᠷᠤᠭ 50 ᠬᠤᠪᠢ ᠪᠠᠷ᠂ 2018 ᠣᠨ ᠤ ᠡᠬᠢᠨ ᠦ ᠬᠠᠭᠠᠰ ᠵᠢᠯ ᠳᠦ 30 ᠣᠷᠴᠢᠮ ᠬᠤᠪᠢ ᠪᠠᠷ ᠲᠤᠰ ᠲᠤᠰ ᠥᠰᠦᠭᠰᠡᠨ ᠢ ᠲᠡᠮᠳᠡᠭᠯᠡᠵᠡᠢ᠃ ᠣᠷᠣᠰ ᠤᠨ ᠲᠥᠷᠥ ᠶᠢᠨ ᠲᠡᠷᠢᠭᠦᠨ᠄ ᠥᠩᠭᠡᠷᠡᠭᠰᠡᠨ ᠣᠨ ᠳᠤ ᠮᠣᠩᠭᠣᠯ ᠤᠯᠤᠰ ᠤᠨ ᠨᠤᠲᠤᠭ ᠳᠡᠪᠢᠰᠬᠡᠷ ᠢᠶᠡᠷ ᠳᠠᠮᠵᠢᠨ ᠥᠩᠭᠡᠷᠡᠭᠰᠡᠨ ᠠᠴᠢᠶᠠᠨ ᠤ ᠴᠢᠩᠭᠡᠯᠢᠭ ᠦᠨ ᠲᠣᠭ᠎ᠠ ᠪᠠᠷᠤᠭ ᠭᠤᠷᠪᠠ ᠳᠠᠬᠢᠨ ᠨᠡᠮᠡᠭᠳᠡᠭᠰᠡᠨ ᠬᠡᠮᠡᠨ ᠨᠡᠮᠡᠵᠦ ᠦᠭᠦᠯᠡᠭᠰᠡᠨ ᠪᠠᠶᠢᠨ᠎ᠠ᠃ ᠮᠥᠨ ᠲᠡᠷᠡ ᠪᠡᠷ ᠬᠣᠶᠠᠷ ᠣᠷᠣᠨ ᠤ ᠡᠳ᠋ ᠍ ᠦᠨ ᠵᠠᠰᠠᠭ ᠦᠵᠡᠭᠦᠯᠦᠯᠲᠡ ᠲᠡᠢ ᠭᠠᠷᠴᠤ ᠪᠤᠢ ᠶᠢ ᠲᠡᠮᠳᠡᠭᠯᠡᠭᠡᠳ᠂ ︽ᠲᠠ ᠪᠦᠬᠦᠨ ᠲᠡᠢ ᠠᠭᠤᠯᠵᠠᠵᠤ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠪᠣᠯᠤᠨ ᠪᠤᠰᠤᠳ ᠰᠡᠳᠦᠪ ᠦᠳ ᠢᠶᠡᠷ ᠶᠠᠷᠢᠯᠴᠠᠬᠤ ᠵᠠᠪᠰᠢᠶᠠᠨ ᠣᠯᠳᠠᠵᠤ ᠪᠤᠢ ᠳᠤ ᠮᠠᠰᠢ ᠶᠡᠬᠡ ᠪᠠᠶᠠᠷᠲᠠᠢ ᠪᠠᠶᠢᠨ᠎ᠠ ︾ ᠬᠡᠮᠡᠨ ᠬᠡᠯᠡᠵᠡᠢ᠃
ᠳ ᠂ ᠲᠤᠶᠠᠭ᠎ᠠ