ᠰᠢ ᠵᠢᠨ ᠫᠢᠩ ᠬ᠂ ᠪᠠᠲᠤᠲᠤᠯᠭ᠎ᠠ ᠠᠭᠤᠯᠵᠠᠯ᠎ᠠ | News.MN

ᠰᠢ ᠵᠢᠨ ᠫᠢᠩ ᠬ᠂ ᠪᠠᠲᠤᠲᠤᠯᠭ᠎ᠠ ᠠᠭᠤᠯᠵᠠᠯ᠎ᠠ

ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠤᠺ ᠬᠤᠲᠠ ᠳᠤ ᠪᠣᠯᠵᠤ ᠪᠤᠢ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠶᠢᠨ ᠦᠶ᠎ᠡ ᠪᠡᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠲᠠᠢ ᠬᠣᠶᠠᠷ ᠲᠠᠯ᠎ᠠ ᠶᠢᠨ ᠠᠭᠤᠯᠵᠠᠯᠲᠠ ᠬᠢᠯ᠎ᠡ᠃ ᠠᠭᠤᠯᠵᠠᠯᠲᠠ ᠶᠢᠨ ᠦᠶ᠎ᠡ ᠪᠡᠷ ᠰᠢ ᠵᠢᠨ ᠫᠢᠩ ᠂ ᠮᠣᠩᠭᠣᠯ ᠤᠯᠤᠰ ᠲᠠᠢ ᠲᠣᠭᠲᠠᠭᠠᠭᠰᠠᠨ ᠬᠠᠷᠢᠯᠴᠠᠭᠠᠨ ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠥᠨᠳᠥᠷ ᠠᠴᠢ ᠬᠣᠯᠪᠣᠭᠳᠠᠯ ᠥᠭᠳᠡᠭ ᠪᠣᠯᠬᠤ ᠶᠢ ᠣᠨᠴᠠᠯᠠᠨ ᠲᠡᠮᠳᠡᠭᠯᠡᠭᠡᠳ᠂ ᠴᠠᠭᠠᠰᠢᠳᠠ ᠴᠢᠩ ᠰᠡᠳᠬᠢᠯ ᠦᠨ᠂ ᠬᠠᠷᠢᠯᠴᠠᠨ ᠠᠰᠢᠭᠲᠠᠢ᠂ ᠬᠦᠷᠲᠡᠭᠡᠮᠵᠢᠲᠡᠢ ᠪᠠᠶᠢᠬᠤ ᠵᠠᠷᠴᠢᠮ ᠳᠤ ᠲᠤᠯᠭᠠᠭᠤᠷᠢᠯᠠᠭᠰᠠᠨ ᠬᠣᠶᠠᠷ ᠤᠯᠤᠰ ᠤᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠤᠯᠠᠮ ᠪᠦᠷ ᠪᠡᠬᠢᠵᠢᠭᠦᠯᠵᠦ᠂ ᠥᠷᠭᠡᠵᠢᠭᠦᠯᠬᠦ ᠪᠣᠯᠤᠨ᠎ᠠ ᠭᠡᠵᠦ ᠮᠡᠳᠡᠭᠳᠡᠵᠡᠢ᠃ ᠮᠥᠨ ᠲᠡᠷᠡᠪᠡᠷ᠂ ᠬᠣᠶᠠᠷ ᠤᠯᠤᠰ ᠤᠨ ᠬᠠᠷᠢᠯᠴᠠᠭᠠᠨ ᠤ ᠤᠯᠤᠰ ᠲᠥᠷᠥ ᠶᠢᠨ ᠴᠢᠭᠯᠡᠯ ᠢ ᠪᠡᠬᠢᠵᠢᠭᠦᠯᠵᠦ᠂ ᠬᠠᠷᠢᠯᠴᠠᠭ᠎ᠠ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠵᠥᠪ ᠴᠢᠭᠯᠡᠯ ᠢ ᠳᠠᠭᠠᠬᠤ ᠬᠡᠷᠡᠭᠲᠡᠢ ᠭᠡᠵᠦ ᠮᠡᠳᠡᠭᠳᠡᠪᠡ᠃
ᠴᠢᠨᠠᠭᠰᠢᠳᠠ ᠲᠠᠯ᠎ᠠ ᠨᠤᠭᠤᠳ ᠪᠡᠶ᠎ᠡ ᠪᠡᠶᠡᠨ ᠦ ᠪᠡᠨ ᠦᠨᠳᠦᠰᠦᠨ ᠠᠰᠢᠭ ᠰᠣᠨᠢᠷᠬᠠᠯ ᠢ ᠬᠦᠨᠳᠦᠳᠭᠡᠵᠦ᠂ ᠣᠶᠢᠯᠠᠭᠠᠵᠤ᠂ ᠬᠠᠷᠢᠯᠴᠠᠨ ᠢᠲᠡᠭᠡᠯᠴᠡᠯ ᠢ ᠪᠡᠬᠢᠵᠢᠭᠦᠯᠬᠦ ᠬᠡᠷᠡᠭᠲᠡᠢ ᠭᠡᠵᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠣᠨᠴᠠᠯᠠᠨ ᠲᠡᠮᠳᠡᠭᠯᠡᠭᠡᠳ᠂ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ᠂ ᠨᠤᠲᠤᠭ ᠳᠡᠪᠢᠰᠬᠡᠷ ᠦᠨ ᠪᠦᠷᠢᠨ ᠪᠦᠲᠦᠨ ᠪᠠᠶᠢᠳᠠᠯ᠂ ᠲᠤᠰ ᠤᠯᠤᠰ ᠤᠨ ᠠᠷᠠᠳ ᠢᠷᠭᠡᠳ ᠦᠨ ᠰᠣᠩᠭᠣᠭᠰᠠᠨ ᠬᠥᠭᠵᠢᠯ ᠦᠨ ᠵᠠᠮᠨᠠᠯ ᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠬᠦᠨᠳᠦᠳᠬᠡᠳᠡᠭ ᠭᠡᠵᠦ ᠮᠡᠳᠡᠭᠳᠡᠯ᠎ᠡ᠃ ᠲᠡᠷᠡᠪᠡᠷ ᠴᠠᠰᠢ ᠬᠡᠯᠡᠬᠦ ᠳᠦ ᠪᠡᠨ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ︽ᠪᠥᠰᠡ ᠪᠠ ᠵᠠᠮ︾ ᠰᠠᠨᠠᠭᠠᠴᠢᠯᠠᠭ᠎ᠠ᠂ ᠮᠣᠩᠭᠣᠯ ᠤᠨ ︽ᠬᠥᠭᠵᠢᠯ ᠦᠨ ᠵᠠᠮ︾ ᠬᠥᠲᠥᠯᠪᠦᠷᠢ ᠶᠢ ᠨᠢᠭᠲᠠ ᠤᠶᠠᠯᠳᠤᠭᠤᠯᠬᠤ ᠶᠢᠨ ᠵᠡᠷᠭᠡᠴᠡᠭᠡ ᠪᠢᠳᠡᠨ ᠦ ᠪᠣᠳᠠᠲᠤ ᠬᠠᠮᠲᠤ ᠶᠢᠨ ᠠᠵᠢᠯᠯᠠᠭᠠᠨ ᠤ ᠦᠷ᠎ᠡ ᠳ᠋ᠦᠩ ᠳᠦ ᠪᠤᠢ ᠪᠣᠯᠤᠭᠰᠠᠨ ᠲᠣᠮᠣᠬᠠᠨ ᠲᠥᠰᠥᠯ ᠦᠳ ᠢ ᠤᠳᠤᠷᠢᠳᠤᠨ ᠴᠢᠭᠯᠡᠭᠦᠯᠬᠦ ᠠᠰᠠᠭᠤᠳᠠᠯ ᠢ ᠪᠠᠲᠤᠳᠬᠠᠬᠤ ᠬᠡᠷᠡᠭᠲᠡᠢ ᠭᠡᠪᠡ᠃ ᠮᠥᠨ ᠮᠠᠯ ᠠᠵᠤ ᠠᠬᠤᠢ᠂ ᠪᠣᠯᠪᠠᠰᠤᠷᠠᠭᠤᠯᠬᠤ ᠦᠢᠯᠡᠳᠪᠦᠷᠢ ᠶᠢ ᠬᠥᠭᠵᠢᠭᠦᠯᠬᠦ ᠳᠦ ᠴᠢᠭᠯᠡᠭᠰᠡᠨ ᠮᠣᠩᠭᠣᠯ ᠤᠨ ᠬᠦᠴᠦᠨ ᠴᠢᠷᠮᠠᠶᠢᠯᠲᠠ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠳᠡᠮᠵᠢᠳᠡᠭ ᠪᠥᠭᠡᠳ ᠴᠢᠨᠠᠭᠰᠢᠳᠠ ᠮᠣᠩᠭᠣᠯ ᠤᠯᠤᠰ ᠠᠴᠠ ᠥᠨᠳᠥᠷ ᠴᠢᠨᠠᠷᠲᠠᠢ ᠹᠧᠷᠮ᠂ ᠪᠡᠯᠴᠢᠭᠡᠷ ᠦᠨ ᠮᠠᠯ ᠠᠵᠤ ᠠᠬᠤᠢ ᠶᠢᠨ ᠭᠠᠷᠤᠯᠲᠠᠢ ᠪᠦᠲᠦᠭᠡᠭᠳᠡᠬᠦᠨ ᠢᠯᠡᠭᠦᠦ ᠶᠡᠬᠡ ᠶᠢ ᠢᠮᠫᠤᠷᠲᠯᠠᠬᠤ ᠪᠣᠯᠤᠨ᠎ᠠ ᠭᠡᠵᠦ ᠬᠡᠯᠡᠯ᠎ᠡ᠃
ᠬᠠᠷᠢᠨ ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠠᠢ ᠡᠭᠦᠰᠬᠡᠭᠰᠡᠨ ᠨᠥᠬᠥᠷᠰᠡᠭ᠂ ᠲᠣᠭᠲᠠᠪᠤᠷᠢᠲᠠᠢ ᠬᠠᠷᠢᠯᠴᠠᠭ᠎ᠠ ᠪᠠᠨ ᠬᠥᠭᠵᠢᠭᠦᠯᠵᠦ᠂ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠪᠠᠨ ᠶᠠᠪᠤᠭᠤᠯᠬᠤ ᠵᠠᠷᠴᠢᠮ ᠢ ᠮᠣᠩᠭᠣᠯ ᠤᠯᠤᠰ ᠨᠢᠭᠲᠠ ᠪᠠᠷᠢᠮᠲᠠᠯᠠᠳᠠᠭ ᠭᠡᠵᠦ ᠮᠡᠳᠡᠭᠳᠡᠪᠡ᠃ ᠲᠡᠷᠡᠪᠡᠷ᠂ ᠮᠣᠩᠭᠣᠯ ᠤᠯᠤᠰ ᠨᠢ ᠬᠠᠷᠢᠯᠴᠠᠨ ᠠᠰᠢᠭᠲᠠᠢ᠂ ᠲᠡᠩᠴᠡᠪᠦᠷᠢᠲᠡᠢ᠂ ᠤᠯᠤᠰ ᠣᠷᠣᠨ ᠤ ᠳᠣᠲᠣᠭᠠᠳᠤ ᠠᠰᠠᠭᠤᠳᠠᠯ ᠳᠤ ᠬᠥᠨᠳᠡᠯᠡᠨ ᠡᠴᠡ ᠣᠷᠣᠯᠴᠠᠬᠤ ᠦᠭᠡᠢ᠂ ᠨᠤᠲᠤᠭ ᠳᠡᠪᠢᠰᠬᠡᠷ ᠦᠨ ᠪᠦᠷᠢᠨ ᠪᠠᠶᠢᠳᠠᠯ ᠪᠣᠯᠤᠨ ᠲᠤᠰᠠᠭᠠᠷ ᠪᠠᠶᠢᠳᠠᠯ ᠢ ᠬᠠᠷᠢᠯᠴᠠᠨ ᠬᠦᠨᠳᠦᠳᠭᠡᠬᠦ ᠵᠠᠷᠴᠢᠮ ᠳᠤ ᠲᠤᠯᠭᠠᠭᠤᠷᠢᠯᠠᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠠᠢ ᠬᠠᠷᠢᠯᠴᠠᠭ᠎ᠠ ᠪᠠᠨ ᠤᠯᠠᠮ ᠪᠦᠷ ᠭᠦᠨᠵᠡᠭᠡᠶᠢᠷᠡᠭᠦᠯᠬᠦ ᠵᠣᠷᠢᠯᠭ᠎ᠠ ᠲᠠᠢ᠃ ᠡᠭᠦᠨ ᠦ ᠵᠡᠷᠭᠡᠴᠡᠭᠡ ᠮᠣᠩᠭᠣᠯ ᠤᠯᠤᠰ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠦᠨ ᠨᠢᠭᠡ ᠬᠢᠲᠠᠳ ᠪᠣᠳᠣᠯᠭ᠎ᠠ ᠶᠢ ᠳᠡᠮᠵᠢᠳᠡᠭ ᠪᠥᠭᠡᠳ ᠲᠠᠶᠢᠸᠠᠨ᠂ ᠲᠦᠪᠡᠳ᠂ ᠰᠢᠨᠵᠢᠶᠠᠩ ᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠰᠠᠯᠤᠰᠢ ᠦᠭᠡᠢ ᠨᠢᠭᠡ ᠬᠡᠰᠡᠭ ᠭᠡᠵᠦ ᠦᠵᠡᠳᠡᠭ ᠭᠡᠵᠦ ᠮᠡᠳᠡᠭᠳᠡᠭᠰᠡᠨ ᠪᠠᠶᠢᠨ᠎ᠠ᠃ ᠡᠴᠦᠰ ᠲᠦ ᠨᠢ ᠲᠡᠷᠡᠪᠡᠷ᠂ ︽ᠪᠥᠰᠡ ᠪᠠ ᠵᠠᠮ︾ ᠰᠠᠨᠠᠭᠠᠴᠢᠯᠠᠭ᠎ᠠ ᠳᠤ ᠮᠣᠩᠭᠣᠯ ᠤᠯᠤᠰ ᠤᠷᠤᠯᠴᠠᠬᠤ ᠬᠦᠰᠡᠯ ᠲᠡᠢ ᠪᠠᠶᠢᠭ᠎ᠠ ᠶᠢ ᠳᠤᠷᠠᠳᠤᠭᠠᠳ᠂ ᠬᠤᠳᠠᠯᠳᠤᠭ᠎ᠠ᠂ ᠡᠷᠴᠢᠮ ᠬᠦᠴᠦ᠂ ᠹᠧᠷᠮ᠂ ᠪᠡᠯᠴᠢᠭᠡᠷ ᠦᠨ ᠠᠵᠤ ᠠᠬᠤᠢ᠂ ᠳᠡᠳ᠋ ᠪᠦᠲᠦᠴᠡ ᠵᠡᠷᠭᠡ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠪᠠᠨ ᠥᠷᠭᠡᠵᠢᠭᠦᠯᠵᠦ᠂ ᠮᠣᠩᠭᠣᠯ ᠂ ᠬᠢᠲᠠᠳ᠂ ᠣᠷᠣᠰ  ᠢ ᠬᠣᠯᠪᠣᠭᠰᠠᠨ ᠡᠳ᠋ ᠍ ᠦᠨ ᠵᠠᠰᠠᠭ ᠤᠨ ᠺᠣᠷᠢᠳᠣᠷ ᠪᠠᠶᠢᠭᠤᠯᠬᠤ ᠠᠵᠢᠯ ᠢ ᠤᠷᠤᠭᠰᠢᠯᠠᠭᠤᠯᠬᠤ ᠵᠣᠷᠢᠯᠭ᠎ᠠ ᠲᠠᠢ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃
ᠳ ∙ ᠨᠢᠮᠠᠲᠤᠯᠭ᠎ᠠ

ᠰᠡᠳᠬᠢᠭᠳᠡᠯ ᠦᠯᠡᠳᠡᠭᠡᠬᠦ