《 ᠪᠦᠷᠭᠦᠳ ᠦᠨ ᠪᠠᠶᠠᠷ 》ᠢᠷᠡᠬᠦ ᠰᠠᠷ᠎ᠠ ᠶᠢᠨ 6᠂ 7 ᠳᠦ ᠪᠤᠯᠤᠨ᠎ᠠ | News.MN

《 ᠪᠦᠷᠭᠦᠳ ᠦᠨ ᠪᠠᠶᠠᠷ 》ᠢᠷᠡᠬᠦ ᠰᠠᠷ᠎ᠠ ᠶᠢᠨ 6᠂ 7 ᠳᠦ ᠪᠤᠯᠤᠨ᠎ᠠ

ᠮᠣᠩᠭᠣᠯ ᠤᠨ ᠠᠶᠠᠯᠠᠯ ᠵᠢᠭᠤᠯᠴᠢᠯᠠᠯ ᠤᠨ ᠲᠣᠮᠣᠬᠠᠨ ᠠᠷᠭ᠎ᠠ ᠬᠡᠮᠵᠢᠶ᠎ᠡ ᠨᠦᠭᠦᠳ ᠦᠨ ᠨᠢᠭᠡ ᠪᠣᠯᠬᠤ ︽ᠪᠦᠷᠭᠦᠳ ᠦᠨ ᠪᠠᠶᠠᠷ︾ ᠍ ᠢ ᠡᠨᠡ ᠵᠢᠯ ᠠᠷᠪᠠᠳᠤᠭᠠᠷ ᠰᠠᠷ᠎ᠠ ᠶᠢᠨ 6-7 ᠍ ᠤ ᠡᠳᠦᠷ ᠦᠳ ᠲᠦ ᠪᠠᠶᠠᠨ-ᠥᠯᠥᠭᠡᠢ  ᠪᠤᠭᠤᠲᠤ ᠰᠤᠮᠤ ᠶᠢᠨ ᠰᠠᠶᠠᠲᠤ ᠲᠣᠯᠣᠭᠠᠢ ᠬᠡᠮᠡᠬᠦ ᠭᠠᠵᠠᠷ ᠲᠤ ᠵᠣᠬᠢᠶᠠᠨ ᠪᠠᠶᠢᠭᠤᠯᠬᠤ ᠪᠠᠷ ᠪᠣᠯᠵᠠᠢ᠃ ᠠᠷᠭ᠎ᠠ ᠬᠡᠮᠵᠢᠶ᠎ᠡ ᠶᠢ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠪᠠᠶᠢᠭᠠᠯᠢ ᠣᠷᠴᠢᠨ ᠠᠶᠠᠯᠠᠯ ᠵᠢᠭᠤᠯᠴᠢᠯᠠᠯ ᠤᠨ ᠭᠠᠵᠠᠷ᠂ ᠮᠣᠩᠭᠣᠯ ᠤᠨ ᠪᠥᠷᠭᠥᠳᠴᠢᠳ ᠦᠨ ᠬᠣᠯᠪᠣᠭ᠎ᠠ ᠬᠠᠮᠲᠤᠷᠠᠨ ᠶᠠᠪᠤᠭᠤᠯᠬᠤ ᠪᠥᠭᠡᠳ ᠬᠣᠯᠪᠣᠭᠳᠠᠬᠤ ᠪᠠᠶᠢᠭᠤᠯᠤᠯᠭ᠎ᠠ ᠨᠤᠭᠤᠳ ᠠᠴᠠ ᠥᠭᠭᠦᠭᠰᠡᠨ ᠮᠡᠳᠡᠭᠡᠯᠡᠯ ᠢᠶᠡᠷ ᠳᠡᠯᠡᠬᠡᠢ ᠶᠢᠨ 100 ᠭᠠᠷᠤᠢ ᠣᠷᠣᠨ ᠠᠴᠠ 1500 ᠣᠷᠴᠢᠮ ᠵᠢᠭᠤᠯᠴᠢᠨ ᠢᠷᠡᠨ᠎ᠡ ᠭᠡᠰᠡᠨ ᠤᠷᠢᠳᠴᠢᠯᠠᠭᠰᠠᠨ ᠲᠣᠭᠠᠴᠠᠭ᠎ᠠ ᠭᠠᠷᠤᠭᠰᠠᠨ ᠪᠠᠶᠢᠨ᠎ᠠ᠃
2017 ᠣᠨ ᠤ ︽ᠪᠦᠷᠭᠦᠳ ᠦᠨ ᠪᠠᠶᠠᠷ ︾ ᠮᠥᠨ  ᠪᠤᠭᠤᠲᠤ ᠰᠤᠮᠤ ᠶᠢᠨ  ᠰᠠᠶᠠᠲᠤ ᠲᠣᠯᠣᠭᠠᠢ ᠳᠤ ᠪᠣᠯᠵᠤ᠂ ᠭᠠᠳᠠᠭᠠᠳᠤ ᠶᠢᠨ 83 ᠣᠷᠣᠨ ᠤ 1200 ᠭᠠᠷᠤᠢ ᠵᠢᠭᠤᠯᠴᠢᠨ ᠢᠷᠡᠵᠦ ᠰᠣᠨᠢᠷᠬᠠᠵᠤ ᠪᠠᠶᠢᠭᠰᠠᠨ ᠶᠤᠮ᠃
ᠥ᠊ ∙  ᠨᠤᠷᠪᠤᠯᠠᠲ

ᠰᠡᠳᠬᠢᠭᠳᠡᠯ ᠦᠯᠡᠳᠡᠭᠡᠬᠦ