ᠡᠮᠦᠨᠡᠭᠣᠪᠢ ᠠᠶᠢᠮᠠᠭ ᠤᠨ ᠭᠤᠷᠪᠠᠨᠲᠡᠰ᠂ ᠨᠣᠶᠠᠨ᠂ ᠪᠠᠶᠠᠨᠳᠠᠯᠠᠢ ᠰᠤᠮᠤ ᠶᠢᠨ ᠢᠷᠭᠡᠳ ᠮᠠᠯ ᠤᠨ ᠪᠡᠯᠴᠢᠭᠡᠷ ᠢᠶᠡᠨ ᠬᠠᠮᠠᠭᠠᠯᠠᠬᠤ ᠶᠢᠨ ᠲᠤᠯᠠᠳᠠ ᠳᠠᠯᠠᠨᠵᠠᠳᠠᠭᠠᠶᠢᠲᠤ ᠰᠤᠮᠤ ᠠᠴᠠ 150 ᠺᠢᠯᠣᠮᠧᠲ᠋ᠷ ᠳᠦ ᠤᠷᠤᠰᠢᠬᠤ ︽ᠬᠥᠩᠬᠥᠷ ᠬᠠᠴᠠᠪᠴᠢ︾ ᠭᠡᠬᠦ ᠭᠠᠵᠠᠷ ᠲᠤ ᠠᠭᠤᠯᠠ ᠠᠭᠤᠷᠬᠠᠢ ᠶᠢᠨ ᠬᠦᠨᠳᠦ ᠳᠠᠭᠠᠭᠠᠴᠠ ᠶᠢᠨ ᠠᠦ᠋ᠲ᠋ᠣ᠋ ᠮᠠᠰᠢᠨ ᠤ ᠬᠥᠳᠡᠯᠭᠡᠭᠡᠨ ᠢ ᠬᠠᠭᠠᠵᠤ᠂ ᠡᠰᠡᠷᠭᠦᠴᠡᠯ ᠢᠶᠡᠨ ᠢᠯᠡᠷᠬᠡᠶᠢᠯᠡᠭᠡᠳ ᠨᠠᠢᠮᠠ ᠬᠣᠨᠣᠵᠤ ᠪᠠᠶᠢᠨ᠎ᠠ᠃ ᠤᠴᠢᠷ ᠨᠢ᠂ ᠳᠡᠭᠡᠷᠡᠬᠢ ᠭᠤᠷᠪᠠᠨ ᠰᠤᠮᠤ ᠶᠢᠨ ᠨᠤᠲᠤᠭ ᠳᠡᠪᠢᠰᠬᠡᠷ ᠲᠦ ︽ᠮᠣᠩᠭᠣᠯ ᠤᠨ ᠠᠯᠲᠠ ᠺᠣᠮᠫᠠᠨᠢ︾᠂ ︽ᠥᠰᠬᠦ ᠵᠣᠭᠣᠰ︾ ᠂《ᠨᠠᠷᠢᠨ ᠰᠤᠬᠠᠶᠢᠲᠤ ᠴᠢᠩᠬᠤᠸᠠ ᠮᠠᠺ 》᠂ ︽ᠡᠮᠦᠨ᠎ᠡ ᠶᠢᠨ ᠭᠣᠪᠢ ᠶᠢᠨ ᠡᠯᠡᠰᠦ》᠂ 《ᠵᠢᠪᠬᠤᠯᠠᠩᠲᠤ ᠣᠷᠳᠣ》᠂ ︽ᠲᠧᠷᠠ ᠡᠨᠧᠷᠭᠢ︾ ᠵᠡᠷᠭᠡ ᠠᠭᠤᠯᠠ ᠠᠭᠤᠷᠬᠠᠢ ᠶᠢᠨ ᠺᠣᠮᠫᠠᠨᠢ ᠦᠢᠯᠡ ᠠᠵᠢᠯᠯᠠᠭ᠎ᠠ ᠶᠢ ᠪᠠᠨ ᠶᠠᠪᠤᠭᠤᠯᠳᠠᠭ ᠶᠤᠮ ᠪᠠᠶᠢᠨ᠎ᠠ᠃
ᠠᠭᠤᠯᠠ ᠠᠭᠤᠷᠬᠠᠢ ᠶᠢᠨ ᠬᠦᠨᠳᠦ ᠳᠠᠭᠠᠭᠠᠴᠠ ᠶᠢᠨ ᠠᠦ᠋ᠲ᠋ᠣ᠋ ᠮᠠᠰᠢᠨ ᠨᠤᠭᠤᠳ ᠠᠷᠪᠠᠨ ᠵᠢᠯ ᠦᠨ ᠬᠤᠭᠤᠴᠠᠭᠠᠨ ᠳᠤ ᠳᠤᠷᠠᠲᠠᠢ ᠭᠠᠵᠠᠷ ᠢᠶᠠᠷ ᠢᠶᠠᠨ ᠶᠠᠪᠤᠵᠤ ᠥᠨᠥᠳᠥᠷ ᠦᠨ ᠪᠠᠶᠢᠳᠠᠯ ᠢᠶᠠᠷ 20 ᠭᠠᠷᠤᠢ ᠺᠢᠯᠤᠮᠸᠲᠷ ᠦᠨ ᠥᠷᠭᠡᠨ ᠲᠡᠢ 40 ᠭᠠᠷᠤᠢ ᠰᠠᠯᠠᠭ᠎ᠠ ᠵᠠᠮ ᠢ ᠪᠤᠢ ᠪᠣᠯᠭᠠᠵᠠᠢ᠃ ᠡᠨᠡ ᠪᠦᠬᠦᠨ ᠦ ᠪᠠᠯᠠᠭ ᠢᠶᠠᠷ ᠮᠠᠯ ᠤᠨ ᠪᠡᠯᠴᠢᠭᠡᠷ ᠦᠨ ᠳᠠᠭᠠᠭᠠᠴᠠ ᠬᠣᠮᠰᠠᠳᠠᠵᠤ᠂ ᠨᠤᠲᠤᠭ ᠤᠨ ᠢᠷᠭᠡᠳ ᠴᠤ ᠠᠮᠢᠳᠤᠷᠠᠬᠤ ᠨᠥᠬᠥᠴᠡᠯ ᠦᠭᠡᠢ ᠪᠠᠶᠢᠳᠠᠯ ᠳᠤ ᠬᠦᠷᠦᠭᠡᠳ ᠪᠠᠶᠢᠨ᠎ᠠ᠃ ᠲᠡᠶᠢᠮᠦ ᠳᠦ ᠪᠡᠨ ᠴᠤ ᠳᠡᠭᠡᠷᠡᠬᠢ ᠭᠤᠷᠪᠠᠨ ᠰᠤᠮᠤ ᠶᠢᠨ ᠢᠷᠭᠡᠳ ᠨᠡᠶᠢᠯᠡᠨ ᠡᠰᠡᠷᠭᠦᠴᠡᠯ ᠦᠨ ᠬᠥᠳᠡᠯᠭᠡᠭᠡᠨ ᠥᠷᠨᠢᠭᠦᠯᠵᠦ᠂ ᠠᠭᠤᠯᠠ ᠠᠭᠤᠷᠬᠠᠢ ᠶᠢᠨ ᠺᠣᠮᠫᠠᠨᠢ ᠨᠤᠭᠤᠳ ᠠᠴᠠ ᠵᠠᠮ ᠢᠶᠠᠨ ᠲᠠᠯᠪᠢᠬᠤ ᠶᠢ ᠱᠠᠭᠠᠷᠳᠠᠵᠤ ᠪᠠᠶᠢᠭ᠎ᠠ ᠠᠵᠠᠢ᠃ ᠭᠡᠪᠡᠴᠦ ᠠᠭᠤᠯᠠ ᠠᠭᠤᠷᠬᠠᠢ ᠶᠢᠨ ᠺᠣᠮᠫᠠᠨᠢ ᠶᠢᠨ ᠤᠳᠤᠷᠢᠳᠤᠯᠭ᠎ᠠ ᠨᠤᠭᠤᠳ ᠨᠤᠲᠤᠭ ᠤᠨ ᠮᠠᠯᠴᠢᠳ ᠤᠨ ᠱᠠᠭᠠᠷᠳᠠᠯᠭ᠎ᠠ ᠶᠢ ᠬᠦᠯᠢᠶᠡᠨ ᠠᠪᠬᠤ ᠦᠭᠡᠢ᠂ ᠶᠠᠩᠵᠤ ᠪᠦᠷᠢ ᠶᠢᠨ ᠦᠭᠡ ᠪᠡᠷ ᠳᠣᠷᠣᠮᠵᠢᠯᠠᠵᠤ ᠡᠬᠢᠯᠡᠭᠰᠡᠨ ᠪᠠᠶᠢᠨ᠎ᠠ᠃
ᠮ ᠂ ᠠᠮᠤᠷᠵᠢᠷᠭᠠᠯ