ᠬᠣᠭ ᠬᠠᠶᠠᠭᠳᠠᠯ ᠤᠨ ᠪᠦᠲᠦᠴᠡ ᠶᠢ ᠰᠤᠳᠤᠯᠵᠤ ᠡᠬᠢᠯᠡᠯ᠎ᠡ | News.MN

ᠬᠣᠭ ᠬᠠᠶᠠᠭᠳᠠᠯ ᠤᠨ ᠪᠦᠲᠦᠴᠡ ᠶᠢ ᠰᠤᠳᠤᠯᠵᠤ ᠡᠬᠢᠯᠡᠯ᠎ᠡ

ᠤᠯᠠᠭᠠᠨᠪᠠᠭᠠᠲᠤᠷ ᠬᠣᠲᠠ ᠶᠢᠨ ᠬᠡᠮᠵᠢᠶᠡᠨ ᠳᠦ ᠡᠭᠦᠰᠴᠦ ᠪᠤᠢ ᠡᠩ ᠦᠨ᠂ ᠬᠠᠲᠠᠭᠤ ᠬᠣᠭ ᠬᠠᠶᠠᠭᠳᠠᠯ ᠤᠨ ᠪᠦᠲᠦᠴᠡ ᠶᠢᠨ ᠰᠤᠳᠤᠯᠭ᠎ᠠ ᠶᠢ ᠡᠪᠦᠯ᠂ ᠵᠤᠨ ᠤ ᠭᠡᠵᠦ ᠬᠣᠶᠠᠷ ᠦᠶ᠎ᠡ ᠱᠠᠲᠤ ᠲᠠᠢ ᠵᠣᠬᠢᠶᠠᠨ ᠪᠠᠶᠢᠭᠤᠯᠵᠤ ᠡᠬᠢᠯᠡᠯ᠎ᠡ᠃ ᠵᠤᠨ ᠤ ᠰᠤᠳᠤᠯᠭ᠎ᠠ ᠶᠢ 9 ᠳ᠋ᠤᠭᠡᠷ ᠰᠠᠷ᠎ᠠ ᠳᠤ᠂ ᠡᠪᠦᠯ ᠦᠨ ᠰᠤᠳᠤᠯᠭ᠎ᠠ ᠶᠢ 11 ᠳ᠋ᠤᠭᠡᠷ ᠰᠠᠷ᠎ᠠ ᠳᠤ ᠶᠠᠪᠤᠭᠤᠯᠬᠤ ᠶᠤᠮ ᠪᠠᠶᠢᠨ᠎ᠠ᠃ ᠰᠤᠳᠤᠯᠭ᠎ᠠ ᠬᠢᠭᠰᠡᠨ ᠢᠶᠡᠷ ᠬᠣᠭ ᠬᠠᠶᠠᠭᠳᠠᠯ ᠡᠭᠦᠰᠬᠦ ᠬᠡᠮᠵᠢᠶ᠎ᠡ ᠶᠢ ᠪᠠᠭᠤᠷᠠᠭᠤᠯᠬᠤ᠂ ᠬᠣᠭ ᠬᠠᠶᠠᠭᠳᠠᠯ ᠠᠴᠠ ᠭᠠᠷᠬᠤ ᠬᠦᠯᠡᠮᠵᠢ ᠶᠢᠨ ᠬᠡᠢ᠂ ᠠᠭᠤᠷ ᠠᠮᠢᠰᠬᠤᠯ ᠤᠨ ᠦᠭᠡᠷᠡᠴᠢᠯᠡᠯᠲᠡ ᠳᠦ ᠨᠦᠯᠦᠭᠡᠯᠡᠬᠦ ᠪᠣᠭᠣᠨᠢ ᠨᠠᠰᠤᠲᠤ  ᠪᠤᠬᠢᠷᠳᠤᠭᠤᠯᠬᠤ ᠪᠣᠳᠠᠰ ᠤᠳ ᠢ ᠪᠠᠭᠤᠷᠠᠭᠤᠯᠬᠤ᠂ ᠪᠠᠶᠢᠭᠠᠯᠢ ᠳᠤ ᠡᠭᠡᠯᠢ ᠲᠡᠢ ᠲᠧᠭᠨᠣᠯᠣᠭᠢ ᠨᠡᠪᠲᠡᠷᠡᠭᠦᠯᠬᠦ ᠵᠡᠷᠭᠡ ᠴᠠᠭᠠᠰᠢᠳᠠ ᠶᠢᠨ ᠠᠷᠭ᠎ᠠ ᠬᠡᠮᠵᠢᠶᠡᠨ ᠦ ᠦᠨᠳᠦᠰᠦ ᠰᠠᠭᠤᠷᠢ ᠪᠣᠯᠬᠤ ᠠᠵᠡᠢ᠃
ᠬᠣᠭ ᠬᠠᠶᠠᠭᠳᠠᠯ ᠤᠨ ᠪᠦᠲᠦᠴᠡ ᠶᠢᠨ ᠡᠬᠢ ᠡᠭᠦᠰᠪᠦᠷᠢ ᠶᠢᠨ ᠰᠤᠳᠤᠯᠭᠠᠨ ᠳᠤ ᠤᠯᠠᠭᠠᠨᠪᠠᠭᠠᠲᠤᠷ ᠬᠣᠲᠠ ᠶᠢᠨ 6 ᠳᠡᠭᠦᠷᠭᠡ ᠶᠢᠨ 132 ᠠᠶᠢᠯ ᠡᠷᠦᠬᠡ ᠪᠣᠯᠤᠨ 39 ᠠᠵᠤ ᠠᠬᠤᠢ ᠶᠢᠨ ᠨᠢᠭᠡᠴᠡ ᠬᠠᠮᠤᠷᠤᠭᠳᠠᠨ᠎ᠠ᠃ ᠬᠠᠷᠢᠨ ᠠᠰᠠᠭᠤᠯᠭ᠎ᠠ ᠶᠢᠨ ᠪᠣᠯᠤᠨ ᠭᠠᠵᠠᠷ ᠳᠡᠭᠡᠷ᠎ᠡ ᠨᠢ ᠬᠡᠮᠵᠢᠯᠲᠡ ᠬᠢᠬᠦ ᠰᠤᠳᠤᠯᠭᠠᠨ ᠳᠤ 50 ᠭᠠᠷᠤᠢ ᠲᠣᠮᠣᠬᠠᠨ ᠦᠢᠯᠡᠳᠪᠦᠷᠢ᠂ ᠦᠢᠯᠡᠴᠢᠯᠡᠭᠡ ᠡᠷᠬᠢᠯᠡᠭᠴᠢᠳ ᠬᠠᠮᠤᠷᠤᠭᠳᠠᠬᠤ ᠠᠵᠠᠢ᠃
   

ᠡᠬᠢ ᠰᠤᠷᠪᠤᠯᠵᠢ ᠄IKON.MN

ᠰᠡᠳᠬᠢᠭᠳᠡᠯ ᠦᠯᠡᠳᠡᠭᠡᠬᠦ