ᠴᠢᠯᠦᠭᠡᠲᠦ ᠪᠦᠬᠡᠴᠢᠳ ᠭᠠᠳᠠᠭᠰᠢ ᠶᠠᠪᠤᠵᠤ ᠴᠢᠳᠠᠬᠤ ᠦᠭᠡᠢ ᠳᠦ ᠬᠦᠷᠴᠡᠢ | News.MN

ᠴᠢᠯᠦᠭᠡᠲᠦ ᠪᠦᠬᠡᠴᠢᠳ ᠭᠠᠳᠠᠭᠰᠢ ᠶᠠᠪᠤᠵᠤ ᠴᠢᠳᠠᠬᠤ ᠦᠭᠡᠢ ᠳᠦ ᠬᠦᠷᠴᠡᠢ

ᠴᠢᠯᠦᠭᠡᠲᠦ ᠪᠥᠬᠡ ᠶᠢᠨ ᠵᠠᠯᠠᠭᠤᠴᠤᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠰᠯᠣᠸᠠᠺ ᠤᠯᠤᠰ ᠤᠨ ᠲᠷᠨᠠᠸᠠ ᠬᠤᠲᠠᠨ᠎ᠠ ᠪᠣᠯᠤᠨ᠎ᠠ᠃ ᠮᠠᠨ ᠤ ᠬᠢ ᠠᠴᠠ ᠲᠤᠰ ᠲᠡᠮᠡᠴᠡᠭᠡᠨ ᠳᠦ ᠤᠷᠤᠯᠴᠠᠬᠤ  ᠪᠦᠬᠡᠴᠢᠳ ᠡᠨᠡ ᠪᠢᠮᠪᠠ ᠭᠠᠷᠠᠭ ᠲᠤ ᠡᠬᠡ ᠣᠷᠣᠨ ᠠᠴᠠ ᠪᠠᠨ ᠮᠣᠷᠳᠠᠬᠤ ᠪᠠᠷ ᠲᠥᠯᠥᠪᠯᠡᠵᠦ ᠪᠤᠢ ᠴᠤ ᠨᠢᠭᠡ ᠴᠤ ᠲᠠᠮᠢᠷᠴᠢᠨ᠂ ᠪᠠᠭᠰᠢ ᠸᠢᠰᠠ ᠪᠠᠨ ᠠᠪᠤᠭ᠎ᠠ ᠦᠭᠡᠢ ᠪᠠᠶᠢᠭ᠎ᠠ  ᠠᠵᠠᠢ᠃ ᠲᠣᠳᠣᠷᠠᠭᠤᠯᠪᠠᠯ᠂ ᠮᠣᠩᠭᠣᠯ ᠤᠨ ᠴᠢᠯᠦᠭᠡᠲᠦ ᠪᠥᠬᠡ ᠶᠢᠨ ᠬᠣᠯᠪᠣᠭ᠎ᠠ ᠠᠴᠠ ᠨᠢᠭᠡ ᠰᠠᠷ᠎ᠠ ᠶᠢᠨ ᠡᠮᠦᠨ᠎ᠡ ᠡᠴᠡ ᠮᠣᠩᠭᠣᠯ ᠤᠯᠤᠰ ᠲᠤ ᠰᠠᠭᠤᠭ᠎ᠠ ᠴᠸᠺ ᠤᠯᠤᠰ ᠤᠨ ᠡᠯᠴᠢᠨ ᠰᠠᠶᠢᠳ ᠤᠨ ᠶᠠᠮᠤᠨ ᠳᠤ  ᠸᠢᠰᠠ ᠮᠡᠳᠡᠭᠦᠯᠬᠦ ᠪᠡᠷ ᠬᠥᠭᠡᠭᠡᠴᠡᠯᠳᠦᠭᠰᠡᠨ ᠪᠣᠯᠪᠠᠴᠤ ᠲᠠᠮᠢᠷᠴᠢᠳ ᠪᠣᠯᠤᠨ ᠪᠠᠭᠰᠢ ᠨᠠᠷ  ᠸᠢᠰᠠ ᠳᠤ ᠤᠷᠤᠬᠤ ᠴᠠᠭ ᠠᠪᠴᠤ ᠴᠢᠳᠠᠭ᠎ᠠ ᠦᠭᠡᠢ ᠪᠠᠶᠢᠨ᠎ᠠ᠃
ᠵᠠᠯᠠᠭᠤᠴᠤᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ 16 ᠲᠠᠮᠢᠷᠴᠢᠨ᠂ ᠭᠤᠷᠪᠠᠨ ᠳᠠᠰᠬᠠᠯᠵᠢᠭᠤᠯᠤᠭᠴᠢ ᠶᠠᠪᠤᠨ᠎ᠠ᠃ ᠭᠡᠲᠡᠯ᠎ᠡ ᠥᠴᠥᠭᠡᠳᠦᠷ ᠦᠨ ᠪᠠᠶᠢᠳᠠᠯ ᠢᠶᠠᠷ ᠵᠥᠪᠬᠡᠨ ᠭᠠᠭᠴᠠᠬᠠᠨ ᠲᠠᠮᠢᠷᠴᠢᠨ ᠢ ᠸᠢᠰᠠ ᠳᠤ ᠣᠷᠣᠭᠤᠯᠤᠭᠠᠳ ᠪᠤᠢ ᠶᠤᠮ ᠪᠠᠶᠢᠨ᠎ᠠ᠃
ᠡᠨᠡ ᠠᠰᠠᠭᠤᠳᠠᠯ ᠢᠶᠠᠷ ᠮᠣᠩᠭᠣᠯ ᠤᠨ ᠴᠢᠯᠦᠭᠡᠲᠦ ᠪᠥᠬᠡ ᠶᠢᠨ ᠬᠣᠯᠪᠣᠭ᠎ᠠ ᠠᠴᠠ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ ∙ ᠪᠠᠲᠤᠴᠡᠴᠡᠭ ᠲᠦ ᠬᠠᠨᠳᠤᠵᠤ᠂ ᠳᠡᠳ᠋ ᠰᠠᠶᠢᠳ ᠰᠢᠭᠤᠷᠬᠠᠢ ᠠᠷᠭ᠎ᠠ ᠬᠡᠮᠵᠢᠶ᠎ᠡ ᠠᠪᠴᠤ  ᠺᠤᠨᠰᠦ᠋ᠯ ᠤᠨ ᠭᠠᠵᠠᠷ ᠢᠶᠠᠷ ᠳᠠᠮᠵᠢᠨ  ᠴᠸᠺ ᠦᠨ ᠡᠯᠴᠢᠨ ᠰᠠᠶᠢᠳ ᠤᠨ ᠶᠠᠮᠤᠨ  ᠳᠦ ᠨᠣᠲᠠ ᠪᠢᠴᠢᠭ ᠢᠯᠡᠭᠡᠭᠰᠡᠨ ᠴᠤ ᠣᠭᠲᠣ ᠬᠡᠷᠡᠭᠰᠡᠭᠡ ᠦᠭᠡᠢ ᠶᠢ ᠵᠠᠷᠢᠮ ᠬᠡᠪᠯᠡᠯ ᠮᠡᠳᠡᠭᠡᠯᠡᠯ ᠦᠨ ᠬᠡᠷᠡᠭᠰᠡᠯ ᠦᠳ ᠮᠡᠳᠡᠭᠡᠯᠡᠵᠡᠢ᠃ ᠡᠶᠢᠮᠦ ᠳᠦ ᠮᠠᠨ ᠤ ᠲᠠᠮᠢᠷᠴᠢᠳ ᠡᠨᠡ ᠤᠳᠠᠭ᠎ᠠ ᠶᠢᠨ ᠵᠠᠯᠠᠭᠤᠴᠤᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠶᠠᠪᠤᠬᠤ ᠡᠰᠡᠬᠦ ᠨᠢ ᠲᠣᠳᠣᠷᠬᠠᠢ ᠦᠭᠡᠢ ᠪᠣᠯᠤᠭᠠᠳ ᠪᠠᠶᠢᠭ᠎ᠠ ᠶᠤᠮ ᠪᠠᠶᠢᠨ᠎ᠠ᠃
ᠫ ᠂ ᠤᠷᠠᠨ᠎ᠠ

ᠰᠡᠳᠬᠢᠭᠳᠡᠯ ᠦᠯᠡᠳᠡᠭᠡᠬᠦ