ᠲ∙ᠰᠡᠷᠡᠩᠳᠤᠯᠭᠠᠷ 80 ᠨᠠᠰᠤᠲᠠᠨ ‍ᠣ ᠠᠩᠭᠢᠯᠠᠯ ᠳᠤ ᠳᠥᠷᠪᠡᠨ ᠮᠧᠳᠠᠯ ᠬᠦᠷᠲᠡᠵᠡᠢ | News.MN

ᠲ∙ᠰᠡᠷᠡᠩᠳᠤᠯᠭᠠᠷ 80 ᠨᠠᠰᠤᠲᠠᠨ ‍ᠣ ᠠᠩᠭᠢᠯᠠᠯ ᠳᠤ ᠳᠥᠷᠪᠡᠨ ᠮᠧᠳᠠᠯ ᠬᠦᠷᠲᠡᠵᠡᠢ

ᠢᠰᠫᠠᠨᠢ ᠤᠯᠤᠰ ᠲᠤ 2018 ᠣᠨ ᠤ ᠶᠢᠰᠦᠳᠦᠭᠡᠷ ᠰᠠᠷ᠎ᠠ ᠶᠢᠨ 4-16  ᠳᠤ ᠬᠥᠩᠭᠡᠨ ᠠᠲᠯᠧᠲ᠋ᠢᠭ ᠤᠨ ᠮᠠᠰᠲ᠋ᠸᠷ ᠤᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠵᠣᠬᠢᠶᠠᠨ ᠪᠠᠶᠢᠭᠤᠯᠤᠭᠳᠠᠵᠤ ᠪᠠᠶᠢᠨ᠎ᠠ᠃ ᠲᠡᠮᠡᠴᠡᠭᠡᠨ ᠳᠦ ᠳᠡᠯᠡᠬᠡᠢ ᠶᠢᠨ 101 ᠣᠷᠣᠨ ᠠᠴᠠ 8187 ᠲᠠᠮᠢᠷᠴᠢᠨ ᠣᠷᠣᠯᠴᠠᠵᠤ ᠪᠠᠶᠢᠭ᠎ᠠ ᠶᠢᠨ 5495 ᠨᠢ ᠡᠷᠡᠭᠲᠡᠢ᠂ 2692 ᠨᠢ ᠡᠮᠡᠭᠲᠡᠢ ᠲᠠᠮᠢᠷᠴᠢᠨ ᠪᠠᠶᠢᠭ᠎ᠠ ᠶᠤᠮ᠃
ᠮᠠᠨ ᠤ ᠤᠯᠤᠰ ᠠᠴᠠ ᠣᠯᠠᠨ ᠤᠯᠤᠰ ᠤᠨ ᠬᠡᠮᠵᠢᠶᠡᠨ ᠦ ᠰᠫᠣᠷᠲ ᠤᠨ ᠮᠠᠰᠲ᠋ᠸᠷ ᠲᠡᠮᠦᠷᠪᠠᠲᠤ ᠶᠢᠨ ᠰᠡᠷᠡᠩᠳᠤᠯᠭᠠᠷ᠂ ᠣᠯᠠᠨ ᠤᠯᠤᠰ ᠤᠨ ᠬᠡᠮᠵᠢᠶᠡᠨ ᠦ ᠰᠫᠣᠷᠲ ᠤᠨ ᠮᠠᠰᠲ᠋ᠸᠷ ᠠᠶᠤᠱᠢ ᠶᠢᠨ  ᠠᠯᠲᠠᠨᠴᠡᠴᠡᠭ ᠨᠠᠷ ᠠᠮᠵᠢᠯᠲᠠᠲᠠᠢ ᠣᠷᠣᠯᠴᠠᠵᠠᠢ᠃  ᠨᠠᠢᠮᠠᠳᠠᠬᠢ ᠤᠳᠠᠭ᠎ᠠ ᠪᠠᠨ ᠵᠣᠬᠢᠶᠠᠭᠳᠠᠵᠤ ᠪᠠᠶᠢᠭ᠎ᠠ ᠡᠨᠡᠬᠦ ᠲᠡᠮᠡᠴᠡᠭᠡᠨ ᠳᠦ ᠮᠣᠩᠭᠣᠯ ᠤᠯᠤᠰ ᠢᠶᠠᠨ ᠲᠥᠯᠥᠭᠡᠯᠡᠨ ᠣᠷᠣᠯᠴᠠᠭᠰᠠᠨ ᠰᠡᠷᠡᠩᠳᠤᠯᠭᠠᠷ 80 ᠨᠠᠰᠤᠲᠠᠨ ᠨᠤᠭᠤᠳ ᠤᠨ ᠠᠩᠭᠢᠯᠠᠯ ᠳᠤ ᠬᠥᠩᠭᠡᠨ ᠠᠲᠯᠧᠲ᠋ᠢᠭ ᠤᠨ ᠵᠢᠷᠭᠤᠭᠠᠨ ᠲᠥᠷᠥᠯ ᠳᠦ ᠣᠷᠣᠯᠴᠠᠵᠤ ᠨᠢᠭᠡ ᠠᠯᠲᠠ᠂ ᠬᠣᠶᠠᠷ ᠮᠥᠩᠭᠥ᠂ ᠨᠢᠭᠡ ᠬᠦᠷᠡᠯ ᠮᠧᠳᠠᠯ ᠬᠦᠷᠲᠡᠭᠰᠡᠨ ᠠᠮᠵᠢᠯᠲᠠ ᠶᠢ ᠦᠵᠡᠭᠦᠯᠦᠭᠰᠡᠨ ᠪᠠᠶᠢᠨ᠎ᠠ᠃
ᠫ ᠂ ᠤᠷᠠᠨ᠎ᠠ

ᠰᠡᠳᠬᠢᠭᠳᠡᠯ ᠦᠯᠡᠳᠡᠭᠡᠬᠦ