ᠪᠠᠭᠰᠢ ᠨᠠᠷ ᠠᠵᠢᠯ ᠬᠠᠶᠠᠯᠲᠠ ᠪᠠᠨ ᠵᠣᠭᠰᠣᠭᠠᠬᠤ ᠪᠠᠷ ᠪᠣᠯᠤᠯ᠎ᠠ | News.MN

ᠪᠠᠭᠰᠢ ᠨᠠᠷ ᠠᠵᠢᠯ ᠬᠠᠶᠠᠯᠲᠠ ᠪᠠᠨ ᠵᠣᠭᠰᠣᠭᠠᠬᠤ ᠪᠠᠷ ᠪᠣᠯᠤᠯ᠎ᠠ

ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠪᠣᠯᠤᠨ ᠮᠣᠩᠭᠣᠯ ᠤᠨ ᠦᠢᠯᠡᠳᠪᠦᠷᠢᠴᠢᠨ ᠦ ᠡᠪᠯᠡᠯ ᠦᠨ ᠬᠣᠯᠪᠣᠭ᠎ᠠ ᠬᠠᠮᠲᠤᠷᠠᠨ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠬᠢᠯ᠎ᠡ᠃ ᠲᠡᠳᠡ ᠪᠠᠭᠰᠢ ᠶᠢᠨ ᠴᠠᠯᠢᠩ ᠨᠡᠮᠡᠭᠳᠡᠭᠦᠯᠬᠦ ᠲᠠᠯ᠎ᠠ ᠳᠡᠭᠡᠷ᠎ᠡ ᠬᠠᠮᠲᠤᠷᠠᠭᠰᠠᠨ ᠰᠢᠢᠳᠪᠦᠷᠢ ᠬᠡᠯᠡᠯᠴᠡᠭᠡᠷ ᠲᠦ ᠬᠦᠷᠴᠦ᠂ ᠠᠵᠢᠯ ᠬᠠᠶᠠᠯᠲᠠ ᠪᠠᠨ ᠵᠣᠭᠰᠣᠭᠠᠵᠤ ᠪᠠᠶᠢᠭ᠎ᠠ ᠪᠠᠨ ᠮᠡᠳᠡᠭᠳᠡᠭᠰᠡᠨ ᠶᠤᠮ᠃ ᠲᠣᠳᠣᠷᠠᠭᠤᠯᠪᠠᠯ᠂ ᠶᠢᠰᠦᠳᠦᠭᠡᠷ ᠰᠠᠷ᠎ᠠ ᠶᠢᠨ 17  ᠪᠤᠶᠤ ᠳᠠᠸᠠ ᠭᠠᠷᠠᠭ ᠲᠤ ᠰᠤᠷᠭᠠᠭᠤᠯᠢ᠂ ᠴᠡᠴᠡᠷᠯᠢᠭ ᠦᠨ ᠦᠢᠯᠡ ᠠᠵᠢᠯᠯᠠᠭ᠎ᠠ ᠬᠡᠪ ᠦᠨ ᠶᠠᠪᠤᠭᠳᠠᠵᠤ ᠡᠬᠢᠯᠡᠬᠦ ᠶᠤᠮ ᠪᠠᠶᠢᠨ᠎ᠠ᠃ ᠡᠨᠡ ᠦᠶ᠎ᠡ ᠪᠡᠷ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠍ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ᠂ ᠪᠠᠶᠠᠷᠰᠠᠶᠢᠬᠠᠨ ᠄ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠪᠣᠯᠪᠠᠰᠤᠷᠠᠯ ᠰᠢᠨᠵᠢᠯᠡᠬᠦ ᠤᠬᠠᠭᠠᠨ ᠤ ᠦᠢᠯᠡᠳᠪᠦᠷᠢᠴᠢᠨ ᠦ ᠡᠪᠯᠡᠯ ᠬᠡᠯᠡᠯᠴᠡᠭᠡᠷ ᠢ ᠦᠷᠭᠦᠯᠵᠢᠯᠡᠭᠦᠯᠵᠦ ᠠᠵᠢᠯᠯᠠᠭᠰᠠᠨ ᠤ ᠦᠷ᠎ᠡ ᠳ᠋ᠦᠩ ᠳᠦ ᠶᠢᠰᠦᠳᠦᠭᠡᠷ ᠰᠠᠷ᠎ᠠ ᠶᠢᠨ 3 ᠠᠴᠠ ᠬᠣᠶᠢᠰᠢ ᠦᠷᠭᠦᠯᠵᠢᠯᠡᠭᠰᠡᠨ ᠪᠠᠭᠰᠢ ᠨᠠᠷ ᠤᠨ ᠠᠵᠢᠯ ᠬᠠᠶᠠᠯᠲᠠ ᠥᠨᠥᠳᠥᠷ ᠠᠯᠪᠠᠨ ᠶᠣᠰᠣᠭᠠᠷ ᠵᠣᠭᠰᠣᠨ᠎ᠠ᠃ ᠬᠠᠷᠢᠨ ᠬᠡᠯᠡᠯᠴᠡᠭᠡᠷ ᠦᠷᠭᠦᠯᠵᠢᠯᠡᠵᠦ ᠂ 2019 ᠣᠨ ᠤ ᠬᠥᠳᠡᠯᠮᠦᠷᠢ ᠶᠢᠨ ᠭᠤᠷᠪᠠᠨ ᠲᠠᠯᠠᠲᠤ ᠬᠡᠯᠡᠯᠴᠡᠭᠡᠷ ᠲᠦ ᠶᠠᠮᠠᠷ ᠰᠠᠨᠠᠯ᠂ ᠱᠠᠭᠠᠷᠳᠠᠯᠭ᠎ᠠ ᠣᠷᠣᠭᠤᠯᠬᠤ ᠪᠠᠨ ᠶᠠᠷᠢᠯᠴᠠᠨ᠎ᠠ᠃ ᠠᠵᠢᠯ ᠬᠠᠶᠠᠯᠲᠠ᠂ ᠰᠠᠭᠤᠯᠲᠠ ᠬᠢᠵᠦ ᠪᠠᠶᠢᠭᠰᠠᠨ ᠪᠠᠭᠰᠢ ᠨᠠᠷ  ᠢ ᠳᠠᠷᠤᠮᠲᠠᠯᠠᠬᠤ᠂ ᠠᠵᠢᠯ ᠠᠴᠠ ᠬᠠᠯᠠᠨ᠎ᠠ ᠭᠡᠵᠦ ᠰᠦᠷᠳᠡᠭᠦᠯᠬᠦ ᠠᠰᠠᠭᠤᠳᠠᠯ ᠶᠠᠮᠤᠨ  ᠪᠣᠯᠤᠨ ᠬᠠᠷᠢᠶ᠎ᠠ ᠪᠠᠶᠢᠭᠤᠯᠤᠯᠭ᠎ᠠ ᠠᠴᠠ  ᠭᠠᠷᠤᠭ᠎ᠠ ᠦᠭᠡᠢ ᠭᠡᠪᠡ᠃
ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠍ ᠤ ᠦᠢᠯᠡᠳᠪᠦᠷᠢᠴᠢᠨ ᠦ ᠡᠪᠯᠡᠯ ᠄ ᠴᠠᠯᠢᠩ ᠳᠤᠭᠤᠣᠷ ᠳᠣᠣᠭᠤᠷ ᠪᠠᠶᠢᠭᠰᠠᠨ ᠵᠦᠷᠢᠶ᠎ᠡ ᠶᠢ ᠠᠷᠢᠯᠭᠠᠵᠤ ᠲᠣᠳᠣᠷᠬᠠᠢ ᠬᠤᠪᠢ ᠪᠠᠷ ᠨᠡᠮᠡᠬᠦ ᠠᠰᠠᠭᠤᠳᠠᠯ ᠳᠡᠭᠡᠷ᠎ᠡ ᠲᠣᠬᠢᠷᠠᠯᠴᠠᠵᠤ ᠴᠢᠳᠠᠯ᠎ᠠ᠃ ᠪᠣᠯᠪᠠᠰᠤᠷᠠᠯ ᠰᠢᠨᠵᠢᠯᠡᠬᠦ ᠤᠬᠠᠭᠠᠨ ᠤ ᠠᠵᠢᠯᠲᠠᠨ ᠨᠤᠭᠤᠳ ᠤᠨ ᠴᠠᠯᠢᠩ ᠪᠤᠰᠤᠳ ᠰᠠᠯᠪᠤᠷᠢ ᠶᠢᠨ ᠬᠢ ᠠᠴᠠ ᠳᠤᠤᠷ᠎ᠠ ᠪᠠᠶᠢᠭᠰᠠᠨ᠃ 2019 ᠣᠨ ᠤ ᠨᠢᠭᠡᠳᠦᠭᠡᠷ ᠰᠠᠷ᠎ᠠ ᠶᠢᠨ 1 ᠍ᠦ ᠡᠳᠦᠷ ᠡᠴᠡ ᠡᠬᠢᠯᠡᠭᠡᠳ ᠠᠵᠢᠯ ᠤᠨ ᠠᠴᠢᠶᠠᠯᠠᠯ ᠢ ᠦᠨᠡᠯᠡᠬᠦ ᠰᠢᠰᠲ᠋ᠧᠮ ᠲᠡᠢ ᠪᠣᠯᠤᠨ᠎ᠠ᠃ ᠨᠣᠷᠮ᠎ᠠ ᠠᠴᠠ ᠳᠠᠪᠠᠭᠰᠠᠨ ᠬᠡᠦᠬᠡᠳ ᠦᠨ ᠲᠣᠭ᠎ᠠ ᠪᠠᠷ ᠪᠠᠭᠰᠢ ᠨᠠᠷ ᠤᠨ ᠴᠠᠯᠢᠩ ᠢ ᠨᠡᠮᠡᠬᠦ ᠪᠡᠷ ᠪᠣᠯᠤᠯ᠎ᠠ᠃ ᠢᠨᠹᠯᠢᠶᠠᠼ  ᠲᠠᠢ ᠤᠶᠠᠯᠳᠤᠭᠤᠯᠤᠭᠠᠳ 2019 ᠣᠨ ᠳᠤ ᠴᠠᠯᠢᠩ ᠢ ᠨᠠᠢᠮᠠ ᠣᠷᠴᠢᠮ ᠬᠤᠪᠢ ᠪᠠᠷ ᠨᠡᠮᠡᠬᠦ ᠭᠡᠵᠦ ᠪᠠᠶᠢᠭᠰᠠᠨ᠃ ᠭᠡᠬᠦ ᠳᠦ ᠪᠡᠨ ᠪᠢᠳᠡ 20 ᠍ ᠠᠴᠠ ᠳᠣᠭᠣᠭᠰᠢ ᠦᠭᠡᠢ ᠬᠤᠪᠢ ᠪᠠᠷ 2019 ᠣᠨ ᠳᠤ ᠪᠠᠭᠲᠠᠭᠠᠨ ᠨᠡᠮᠡᠬᠦ ᠲᠣᠬᠢᠷᠠᠯᠴᠠᠭᠠᠨ ᠳᠤ ᠬᠦᠷᠦᠯ᠎ᠡ᠃ ᠮᠥᠨ ᠡᠨᠡ ᠤᠳᠠᠭ᠎ᠠ ᠶᠢᠨ ᠠᠵᠢᠯ ᠬᠠᠶᠠᠯᠲᠠ ᠳᠤ ᠣᠷᠣᠯᠴᠠᠭᠰᠠᠨ ᠬᠦᠮᠦᠰ ᠲᠦ ᠰᠠᠬᠢᠯᠭ᠎ᠠ ᠶᠢᠨ ᠠᠷᠭ᠎ᠠ ᠬᠡᠮᠵᠢᠶ᠎ᠡ ᠠᠪᠬᠤ ᠦᠭᠡᠢ᠂ ᠴᠠᠯᠢᠩ ᠢ ᠨᠢ ᠣᠯᠭᠤᠨ᠎ᠠ ᠭᠡᠯ᠎ᠡ᠃
ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠍ ᠤ ᠶᠡᠷᠦᠩᠬᠡᠢ ᠪᠣᠯᠪᠠᠰᠤᠷᠠᠯ ᠤᠨ ᠭᠠᠵᠠᠷ ᠤᠨ ᠳᠠᠷᠤᠭ᠎ᠠ ᠰ᠂ ᠨᠢᠮᠠᠸᠠᠴᠢᠷ ᠄10 ᠡᠳᠦᠷ ᠦᠨ ᠬᠢᠴᠢᠶᠡᠯ ᠦᠨ ᠬᠤᠭᠤᠴᠠᠭᠠᠨ ᠳᠤ ᠮᠣᠩᠭᠣᠯ ᠤᠯᠤᠰ ᠤᠨ ᠬᠡᠮᠵᠢᠶᠡᠨ ᠳᠦ 80 ᠭᠠᠷᠤᠢ ᠰᠤᠷᠭᠠᠭᠤᠯᠢ᠂ 28 ᠴᠡᠴᠡᠷᠯᠢᠭ ᠲᠦ ᠬᠢᠴᠢᠶᠡᠯ ᠦᠨ ᠦᠢᠯᠡ ᠠᠵᠢᠯᠯᠠᠭ᠎ᠠ ᠲᠠᠰᠤᠯᠳᠠᠭᠰᠠᠨ᠃ 2018-2019 ᠣᠨ ᠤ ᠬᠢᠴᠢᠶᠡᠯ ᠦᠨ ᠵᠢᠯ ᠦᠨ ᠡᠬᠢᠨ ᠦ ᠡᠳᠦᠷ ᠦᠳ ᠲᠦ ᠥᠩᠭᠡᠷᠡᠭᠰᠡᠨ ᠬᠢᠴᠢᠶᠡᠯ ᠦᠨ ᠵᠢᠯ ᠳᠦ ᠦᠵᠡᠭᠰᠡᠨ ᠬᠢᠴᠢᠶᠡᠯ ᠢᠶᠡᠨ ᠪᠠᠲᠤᠳᠬᠠᠬᠤ ᠪᠠᠶᠢᠭᠰᠠᠨ᠃ ᠠᠵᠢᠯ ᠬᠠᠶᠠᠯᠲᠠ ᠶᠢᠨ ᠬᠤᠭᠤᠴᠠᠭᠠᠨ ᠳᠤ ᠰᠤᠷᠭᠠᠭᠤᠯᠢ ᠲᠤᠰ ᠪᠦᠷᠢ ᠳᠡᠭᠡᠷ᠎ᠡ ᠬᠢᠴᠢᠶᠡᠯ ᠶᠠᠩᠵᠤ ᠪᠦᠷᠢ ᠶᠢᠨ ᠬᠤᠭᠤᠴᠠᠭ᠎ᠠ ᠪᠠᠷ ᠲᠠᠰᠤᠯᠳᠠᠭᠰᠠᠨ᠃ ᠡᠶᠢᠮᠦ ᠳᠦ ᠶᠠᠮᠤᠨ ᠡᠴᠡ ᠨᠡᠶᠢᠰᠯᠡᠯ ᠦᠨ ᠪᠣᠯᠪᠠᠰᠤᠷᠠᠯ ᠤᠨ ᠭᠠᠵᠠᠷ ᠪᠣᠯᠤᠨ ᠠᠶᠢᠮᠠᠭ ᠤᠳ ᠤᠨ ᠪᠣᠯᠪᠠᠰᠤᠷᠠᠯ ᠤᠨ ᠭᠠᠵᠠᠷ ᠲᠠᠢ ᠬᠣᠯᠪᠣᠭᠳᠠᠨ ᠬᠢᠴᠢᠶᠡᠯ ᠢ ᠬᠡᠷᠬᠢᠨ ᠨᠥᠬᠥᠬᠥ ᠲᠠᠯ᠎ᠠ ᠪᠠᠷ ᠵᠥᠪᠯᠡᠮᠵᠢ ᠬᠦᠷᠭᠡᠭᠦᠯᠬᠦ ᠪᠡᠷ ᠪᠡᠯᠡᠳᠬᠡᠵᠦ ᠪᠠᠶᠢᠭ᠎ᠠ ᠃
ᠫ  

ᠰᠡᠳᠬᠢᠭᠳᠡᠯ ᠦᠯᠡᠳᠡᠭᠡᠬᠦ

1 ᠰᠡᠳᠬᠢᠭᠳᠡᠯ

News.MN

News.MN 2018-09-17 202.70.42.102

ᠰᠡᠲᠭᠡᠭᠳᠡᠯ