ᠪᠣᠯᠭᠠᠷᠢ ᠶᠢᠨ ᠺᠢᠨᠣ᠋ ᠨᠠᠭᠠᠳᠤᠮ ᠠᠴᠠ ᠲᠤᠰᠬᠠᠢ ᠱᠠᠩᠨᠠᠯ ᠬᠦᠷᠲᠡᠵᠡᠢ | News.MN

ᠪᠣᠯᠭᠠᠷᠢ ᠶᠢᠨ ᠺᠢᠨᠣ᠋ ᠨᠠᠭᠠᠳᠤᠮ ᠠᠴᠠ ᠲᠤᠰᠬᠠᠢ ᠱᠠᠩᠨᠠᠯ ᠬᠦᠷᠲᠡᠵᠡᠢ

ᠳᠡᠯᠡᠬᠡᠢ ᠶᠢᠨ ᠤᠯᠤᠰ ᠲᠦᠮᠡᠨ ᠨᠦᠭᠦᠳ ᠦᠨ ᠰᠤᠶᠤᠯ ᠤᠨ ᠬᠠᠷᠢᠯᠴᠠᠭ᠎ᠠ ᠶᠢ ᠬᠥᠭᠵᠢᠭᠦᠯᠬᠦ᠂ ᠰᠯᠠᠸᠶᠠᠨ ᠠᠷᠠᠳ ᠲᠦᠮᠡᠨ ᠦ ᠲᠡᠦᠬᠡ ᠰᠤᠶᠤᠯ ᠢ ᠲᠦᠭᠡᠭᠡᠨ ᠳᠡᠯᠭᠡᠷᠡᠭᠦᠯᠬᠦ᠂ ᠣᠯᠠᠨ ᠤᠯᠤᠰ ᠤᠨ ᠲᠦᠪᠰᠢᠨ ᠳᠦ ᠺᠢᠨᠣ᠋ ᠤᠷᠠᠯᠢᠭ ᠢ ᠬᠥᠭᠵᠢᠭᠦᠯᠬᠦ ᠵᠣᠷᠢᠯᠭ᠎ᠠ ᠪᠦᠬᠦᠢ ᠣᠯᠠᠨ ᠤᠯᠤᠰ ᠤᠨ ᠲᠸᠯᠸᠢᠰ ᠂  ᠺᠢᠨᠤ᠋ ᠶᠢᠨ ︽ᠰᠯᠠᠸᠶᠠᠨᠰᠺᠢ ᠫᠷᠢᠺᠠᠽᠺᠢ︾ 6 ᠳ᠋ᠤᠭᠠᠷ ᠨᠠᠭᠠᠳᠤᠮ ᠰᠣᠹᠢ ᠬᠤᠲᠠ ᠳᠤ ᠵᠣᠬᠢᠶᠠᠨ ᠪᠠᠶᠢᠭᠤᠯᠤᠭᠳᠠᠪᠠ᠃ ᠺᠢᠨᠣ᠋ ᠨᠠᠭᠠᠳᠤᠮ ᠳᠤ 20 ᠣᠷᠴᠢᠮ ᠣᠷᠣᠨ ᠤ ᠺᠢᠨᠣ᠋ ᠨᠠᠶᠢᠷᠠᠭᠤᠯᠤᠭᠴᠢᠳ ᠤᠨ 120 ᠭᠠᠷᠤᠢ ᠪᠠᠷᠢᠮᠲᠠᠲᠤ ᠪᠣᠯᠤᠨ ᠤᠷᠠᠨ ᠰᠠᠶᠢᠬᠠᠨ ᠤ ᠺᠢᠨᠣ᠋ ᠣᠷᠣᠯᠴᠠᠭᠰᠠᠨ ᠠᠴᠠ ᠲᠡᠷᠢᠭᠦᠨ ᠱᠠᠩᠨᠠᠯ ᠢ ᠪᠣᠯᠭᠠᠷᠢ ᠶᠢᠨ ᠨᠠᠶᠢᠷᠠᠭᠤᠯᠤᠭᠴᠢ ᠠᠩᠭᠧᠯ ᠪᠤᠨᠴᠸᠪ ᠤᠨ ︽ᠠᠪᠤᠷᠠᠭᠴᠢ ᠡᠮᠴᠢ》 ᠪᠠᠷᠢᠮᠲᠠᠲᠤ ᠺᠢᠨᠣ᠋ ᠬᠦᠷᠲᠡᠵᠦ᠂ ᠮᠠᠨ ᠤ ᠨᠠᠶᠢᠷᠠᠭᠤᠯᠤᠭᠴᠢ ᠪ ᠂ ᠪᠠᠶᠠᠷ ᠤᠨ ︽ᠷᠠᠰᠢᠶᠠᠨ ᠬᠠᠳᠠ》 ᠪᠠᠷᠢᠮᠲᠠᠲᠤ ᠺᠢᠨᠣ᠋ ᠨᠠᠭᠠᠳᠤᠮ ᠤᠨ ︽ᠠᠯᠲᠠᠨ ᠰᠠᠷᠠᠨᠠᠢ︾ ᠲᠤᠰᠬᠠᠢ ᠱᠠᠩᠨᠠᠯ ᠬᠦᠷᠲᠡᠪᠡ᠃ ᠨᠠᠶᠢᠷᠠᠭᠤᠯᠤᠭᠴᠢ ᠪ ∙ ᠪᠠᠶᠠᠷ ᠺᠢᠨᠣ᠋ ᠨᠠᠭᠠᠳᠤᠮ ᠤᠨ ᠦᠢᠯᠡ ᠠᠵᠢᠯᠯᠠᠭᠠᠨ ᠳᠤ ᠣᠷᠣᠯᠴᠠᠬᠤ ᠳᠤ ᠡᠯᠴᠢᠨ ᠰᠠᠶᠢᠳ ᠤᠨ ᠶᠠᠮᠤᠨ ᠡᠴᠡ ᠳᠡᠮᠵᠢᠯᠭᠡ ᠲᠤᠰᠠᠯᠠᠯᠴᠠᠭ᠎ᠠ ᠦᠵᠡᠭᠦᠯᠪᠡ᠃

ᠰᠡᠳᠬᠢᠭᠳᠡᠯ ᠦᠯᠡᠳᠡᠭᠡᠬᠦ