《ᠢᠲᠡᠭᠡᠯ᠂ ᠨᠠᠶᠢᠳᠠᠪᠤᠷᠢ᠂ ᠪᠣᠯᠤᠮᠵᠢ᠄ ᠤᠯᠠᠭᠠᠨᠪᠠᠭᠠᠲᠤᠷ 2018 》ᠭᠦᠶᠦᠯᠲᠡ  ᠪᠤᠯᠪᠠ | News.MN

《ᠢᠲᠡᠭᠡᠯ᠂ ᠨᠠᠶᠢᠳᠠᠪᠤᠷᠢ᠂ ᠪᠣᠯᠤᠮᠵᠢ᠄ ᠤᠯᠠᠭᠠᠨᠪᠠᠭᠠᠲᠤᠷ 2018 》ᠭᠦᠶᠦᠯᠲᠡ  ᠪᠤᠯᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ᠂ ᠪᠠᠲᠤᠲᠤᠯᠭ᠎ᠠ ᠥᠨᠥᠳᠥᠷ ᠦᠨᠳᠦᠰᠦᠨ ᠦ  ᠴᠡᠴᠡᠷᠯᠢᠭᠲᠦ ᠬᠦᠷᠢᠶᠡᠯᠡᠩ ᠳᠦ ᠪᠣᠯᠤᠭᠰᠠᠨ ᠬᠥᠭᠵᠢᠯ ᠦᠨ ᠪᠡᠷᠬᠡᠰᠢᠶᠡᠯ ᠲᠡᠢ ᠲᠠᠮᠢᠷᠴᠢᠳ ᠢ ᠬᠥᠭᠵᠢᠭᠦᠯᠬᠦ ᠵᠣᠷᠢᠯᠭ᠎ᠠ ᠲᠠᠢ ᠪᠦᠬᠦ ᠨᠡᠶᠢᠲᠡ ᠶᠢᠨ ᠭᠦᠶᠦᠯᠲᠡ ᠶᠢᠨ ᠲᠡᠮᠡᠴᠡᠭᠡᠨ ᠦ ᠨᠡᠭᠡᠭᠡᠯᠲᠡ ᠶᠢᠨ ᠶᠣᠰᠣᠯᠠᠯ ᠳᠤ ᠣᠷᠣᠯᠴᠠᠵᠤ᠂ ᠦᠭᠡ ᠬᠡᠯᠡᠯ᠎ᠡ᠃

ᠲᠡᠷᠡᠪᠡᠷ ᠄ ᠲᠠ ᠪᠦᠬᠦᠨ ᠳᠦ ᠡᠨᠡ ᠡᠳᠦᠷ ᠦᠨ ᠬᠠᠯᠠᠭᠤᠨ ᠮᠡᠨᠳᠦ ᠶᠢ ᠡᠷᠭᠦᠨ ᠳᠡᠪᠰᠢᠭᠦᠯᠦᠶ᠎ᠡ᠃ ᠮᠣᠩᠭᠣᠯ ᠤᠯᠤᠰ ᠤᠨ ᠶᠡᠷᠦᠩᠬᠡᠶᠢᠯᠡᠭᠴᠢ ᠪᠦᠷᠢᠨ ᠡᠷᠬᠡ ᠪᠡᠨ ᠬᠡᠷᠡᠭᠵᠢᠭᠦᠯᠵᠦ ᠡᠬᠢᠯᠡᠭᠰᠡᠨ ᠡᠴᠡ ᠬᠣᠶᠢᠰᠢ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠲᠠᠯ᠎ᠠ ᠪᠠᠷ ᠲᠣᠳᠣᠷᠬᠠᠢ ᠠᠵᠢᠯ ᠤᠳ ᠢ ᠬᠢᠵᠦ ᠬᠡᠷᠡᠭᠵᠢᠭᠦᠯᠵᠦ ᠪᠠᠶᠢᠭ᠎ᠠ᠃ ᠡᠭᠦᠨ ᠦ ᠨᠢᠭᠡ ᠨᠢ ᠥᠩᠭᠡᠷᠡᠭᠰᠡᠨ ᠵᠢᠯ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠡᠷᠬᠡ ᠶᠢ ᠬᠠᠮᠠᠭᠠᠯᠠᠬᠤ ᠡᠳᠦᠷ ᠢ ᠲᠣᠬᠢᠶᠠᠯᠳᠤᠭᠤᠯᠤᠨ ︽ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢᠨ ᠲᠤᠬᠠᠢ ᠬᠠᠤᠯᠢ ᠶᠢᠨ ᠬᠡᠷᠡᠭᠵᠢᠯᠲᠡ᠂ ᠲᠤᠯᠭᠠᠮᠳᠠᠵᠤ ᠪᠤᠢ ᠠᠰᠠᠭᠤᠳᠠᠯ︾ ᠰᠡᠳᠦᠪ ᠢᠶᠡᠷ ᠶᠡᠷᠦᠩᠬᠡᠶᠢᠯᠡᠭᠴᠢ ᠶᠢᠨ ᠳᠡᠷᠭᠡᠳᠡᠬᠢ ᠢᠷᠭᠡᠨ ᠦ ᠲᠠᠩᠬᠢᠮ ᠳᠤ ᠬᠡᠯᠡᠯᠴᠡᠭᠦᠯᠭᠡ ᠬᠢᠭᠰᠡᠨ᠃ ᠬᠡᠯᠡᠯᠴᠡᠭᠦᠯᠭᠡ ᠶᠢᠨ ᠦᠷ᠎ᠡ ᠳ᠋ᠦᠩ ᠳᠦ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠴᠢᠭᠯᠡᠯ ᠪᠣᠯᠭᠠᠭᠰᠠᠨ ᠵᠠᠷᠯᠢᠭ ᠢ ᠥᠩᠭᠡᠷᠡᠭᠰᠡᠨ 9 ᠳ᠋ᠤᠭᠡᠷ ᠰᠠᠷ᠎ᠠ ᠶᠢᠨ 4 ᠍ ᠦ ᠡᠳᠦᠷ ᠭᠠᠷᠭᠠᠵᠤ᠂ ᠵᠠᠰᠠᠭ ᠤᠨ ᠭᠠᠵᠠᠷ ᠲᠤ ᠬᠦᠷᠭᠡᠭᠦᠯᠦᠭᠡᠳ ᠪᠠᠶᠢᠨ᠎ᠠ᠃ ᠡᠨᠡ ᠵᠠᠷᠯᠢᠭ ᠲᠤ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠨᠡᠶᠢᠭᠡᠮ ᠤᠨ ᠬᠠᠮᠠᠭᠠᠯᠠᠯ ᠢ ᠰᠢᠢᠳᠬᠦ ᠳᠦ ᠴᠢᠭᠯᠡᠭᠰᠡᠨ ᠵᠢᠭᠠᠯᠲᠠ ᠨᠤᠭᠤᠳ ᠢ ᠲᠤᠰᠬᠠᠭᠰᠠᠨ᠃ ᠲᠤᠬᠠᠶᠢᠯᠠᠪᠠᠯ᠂  ︽ᠬᠥᠳᠡᠯᠮᠦᠷᠢ ᠶᠢᠨ ᠲᠤᠬᠠᠢ︾ ᠬᠠᠤᠯᠢ ᠶᠢᠨ 111 ᠳ᠋ᠤᠭᠡᠷ ᠵᠦᠢᠯ ᠳᠦ ᠲᠤᠰᠬᠠᠭᠰᠠᠨ ᠬᠥᠭᠵᠢᠯ ᠦᠨ ᠪᠡᠷᠬᠡᠰᠢᠶᠡᠯ ᠲᠡᠢ ᠪᠤᠶᠤ ᠣᠳᠣᠢ ᠬᠦᠮᠦᠨ ᠦ ᠬᠥᠳᠡᠯᠮᠦᠷᠢ ᠡᠷᠬᠢᠯᠡᠯᠲᠡ ᠶᠢ ᠵᠣᠬᠢᠴᠠᠭᠤᠯᠤᠭᠰᠠᠨ ᠬᠠᠷᠢᠯᠴᠠᠭᠠᠨ ᠤ ᠬᠠᠤᠯᠢ ᠶᠢᠨ ᠬᠡᠷᠡᠭᠵᠢᠯᠲᠡ ᠥᠨᠥᠳᠥᠷ ᠢ ᠬᠦᠷᠲᠡᠯ᠎ᠡ ᠬᠠᠩᠭᠠᠭᠳᠠᠬᠤ ᠦᠭᠡᠢ ᠪᠠᠶᠢᠭ᠎ᠠ ᠤᠴᠢᠷ ᠠᠴᠠ ᠭᠤᠷᠪᠠᠨ ᠵᠢᠭᠠᠯᠲᠠ ᠪᠦᠬᠦᠢ ᠵᠠᠷᠯᠢᠭ ᠢ ᠴᠢᠭᠯᠡᠯ ᠪᠣᠯᠭᠠᠨ ᠬᠦᠷᠭᠡᠭᠦᠯᠦᠯ᠎ᠡ᠃
ᠨᠢᠭᠡᠳᠦᠭᠡᠷ ᠲᠦ᠂ ︽ᠬᠥᠳᠡᠯᠮᠦᠷᠢ ᠶᠢᠨ ᠲᠤᠬᠠᠢ︾ ᠬᠠᠤᠯᠢ ᠶᠢᠨ 111 ᠳ᠋ᠤᠭᠡᠷ ᠵᠢᠭᠠᠯᠲᠠ ᠶᠢ ᠬᠡᠷᠡᠭᠵᠢᠭᠦᠯᠬᠦ ᠲᠠᠯ᠎ᠠ ᠪᠠᠷ ᠲᠥᠷᠥ ᠶᠢᠨ ᠪᠣᠯᠤᠨ ᠠᠵᠤ ᠠᠬᠤᠢ ᠶᠢᠨ ᠨᠢᠭᠡᠴᠢ ᠂ ᠪᠠᠶᠢᠭᠤᠯᠤᠯᠭ᠎ᠠ ᠨᠤᠭᠤᠳ ᠲᠤ ᠴᠢᠭᠯᠡᠯ ᠪᠣᠯᠭᠠᠬᠤ ᠲᠤᠬᠠᠢ᠂ ᠬᠣᠶᠠᠳᠤᠭᠠᠷ ᠲᠤ᠂ ᠲᠤᠬᠠᠢ ᠶᠢᠨ ᠪᠠᠶᠢᠭᠤᠯᠤᠯᠭ᠎ᠠ ᠶᠢᠨ ᠠᠵᠢᠯᠯᠠᠭᠰᠠᠳ ᠤᠨ 25 ᠬᠦᠮᠦᠨ ᠲᠤᠲᠤᠮ ᠳᠤ ᠨᠢᠭᠡ ᠬᠥᠭᠵᠢᠯ ᠦᠨ ᠪᠡᠷᠬᠡᠰᠢᠶᠡᠯᠲᠡᠢ ᠢᠷᠭᠡᠨ ᠪᠠᠶᠢᠬᠤ ᠪᠠᠷ ᠲᠣᠭᠠᠴᠠᠵᠤ ᠂ ᠠᠵᠢᠯ ᠤᠨ ᠪᠠᠶᠢᠷᠢ ᠪᠠᠷ ᠬᠠᠩᠭᠠᠬᠤ᠂ ᠬᠡᠷᠪᠡ ᠠᠵᠢᠯ ᠤᠨ ᠪᠠᠶᠢᠷᠢ ᠪᠠᠷ ᠬᠠᠩᠭᠠᠭ᠎ᠠ ᠦᠭᠡᠢ ᠲᠣᠬᠢᠶᠠᠯᠳᠤᠯ ᠳᠤ ᠲᠥᠯᠥᠪᠦᠷᠢ ᠤᠯᠭᠤᠬᠤ ᠲᠤᠬᠠᠢ᠂ ᠭᠤᠷᠪᠠᠳᠤᠭᠠᠷ ᠲᠤ᠂ ᠰᠠᠶ᠋ᠢᠬᠠᠨ ᠪᠠᠶᠢᠭᠤᠯᠤᠭᠳᠠᠭᠰᠠᠨ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠠᠰᠠᠭᠤᠳᠠᠯ ᠢ ᠬᠠᠷᠢᠭᠤᠴᠠᠭᠰᠠᠨ ᠠᠭᠧᠨᠲᠯᠢᠭ ᠤᠨ ᠳᠡᠷᠭᠡᠳᠡ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ ᠤᠨ ᠣᠷᠣᠯᠴᠠᠭ᠎ᠠ ᠶᠢ ᠲᠡᠭᠰᠢ ᠬᠠᠩᠭᠠᠭᠰᠠᠨ ᠦᠨᠳᠦᠰᠦᠨ ᠦ ᠬᠣᠷᠢᠶ᠎ᠠ ᠶᠢ ᠪᠠᠶᠢᠭᠤᠯᠵᠤ᠂ ᠡᠨᠡ ᠬᠣᠷᠢᠶ᠎ᠠ ᠳᠡᠭᠡᠷᠡᠬᠢ ᠲᠥᠯᠥᠪᠦᠷᠢ ᠶᠢ ᠵᠠᠬᠢᠷᠤᠨ ᠵᠠᠷᠤᠴᠠᠭᠤᠯᠬᠤ᠂ ᠪᠦᠷᠢᠳᠦᠭᠦᠯᠬᠦ᠂ ᠬᠢᠨᠠᠯᠲᠠ ᠲᠠᠯᠪᠢᠬᠤ ᠲᠤᠬᠠᠢ ᠵᠢᠷᠤᠮ ᠢ ᠪᠠᠲᠤᠯᠠᠵᠤ ᠮᠥᠷᠳᠡᠭᠦᠯᠬᠦ ᠲᠤᠬᠠᠢ ᠡᠭᠦᠷᠭᠡ ᠪᠣᠯᠭᠠᠭᠰᠠᠨ ᠶᠤᠮ ᠃ 103 ᠮᠢᠩᠭ᠎ᠠ ᠭᠠᠷᠤᠢ ᠬᠥᠭᠵᠢᠯ ᠦᠨ ᠪᠡᠷᠬᠡᠰᠢᠶᠡᠯ ᠲᠡᠢ ᠢᠷᠭᠡᠨ ᠦ ᠠᠰᠠᠭᠤᠳᠠᠯ ᠢ ᠰᠢᠢᠳᠪᠦᠷᠢᠯᠡᠭᠰᠡᠨ ᠵᠠᠷᠯᠢᠭ ᠭᠠᠷᠤᠭᠰᠠᠨ ᠭᠡᠳᠡᠭ ᠢ ᠲᠠ ᠪᠦᠬᠦᠨ ᠳᠦ ᠳᠤᠭᠤᠯᠭᠠᠬᠤ ᠳᠤ ᠲᠠᠭᠠᠲᠠᠢ ᠪᠠᠶᠢᠨ᠎ᠠ᠃ ᠥᠨᠥᠳᠥᠷ ᠦᠨ ᠲᠡᠮᠡᠴᠡᠭᠡᠨ ᠳᠦ ᠨᠢ ᠠᠮᠵᠢᠯᠲᠠ ᠬᠦᠰᠡᠶ᠎ᠡ ᠭᠡᠪᠡ᠃
ᠡᠬᠢ ᠰᠤᠷᠪᠤᠯᠵᠢ᠄ president.mn

ᠰᠡᠳᠬᠢᠭᠳᠡᠯ ᠦᠯᠡᠳᠡᠭᠡᠬᠦ