ᠮᠣᠩᠭᠣᠯ ᠤᠨ ᠬᠥᠷᠥᠩᠭᠡ ᠶᠢᠨ ᠪᠢᠷᠵᠢ ᠳᠦ 2008 ᠣᠨ ᠳᠤ ᠬᠤᠪᠢᠴᠠᠭ᠎ᠠ ᠶᠢ ᠪᠠᠨ ᠭᠠᠷᠭᠠᠨ᠂ ᠨᠡᠭᠡᠭᠡᠯᠲᠡ ᠲᠡᠢ ᠺᠣᠮᠫᠠᠨᠢ ᠪᠣᠯᠤᠭᠰᠠᠨ ︽ᠬᠥᠬᠡ ᠭᠠᠩ︾ ᠠᠩᠭᠢᠵᠢᠷᠠᠭᠤᠯᠤᠭᠰᠠᠨ ᠲᠡᠮᠦᠷ ᠦᠨ ᠦᠢᠯᠡᠳᠪᠦᠷᠢ ᠶᠢᠨ ᠦᠢᠯᠡ ᠠᠵᠢᠯᠯᠠᠭ᠎ᠠ ᠶᠢ ᠪᠠᠨ ᠰᠡᠷᠭᠦᠭᠡᠬᠦ ᠪᠡᠷ ᠲᠥᠯᠥᠪᠯᠡᠵᠦ ᠪᠤᠢ ᠠᠵᠠᠢ ᠃ ᠣᠳᠣ ᠪᠠᠷ ᠬᠤᠶᠢᠳᠤ ᠬᠥᠷᠰᠢ ᠡᠴᠡ ᠲᠦᠭᠦᠬᠡᠢ ᠡᠳ᠋ ᠍ ᠢᠶᠡᠨ ᠲᠠᠲᠠᠨ ᠠᠪᠴᠤ ᠪᠤᠢ ᠪᠥᠭᠡᠳ ᠨᠢᠭᠡ ᠰᠠᠷ᠎ᠠ ᠣᠷᠴᠢᠮ ᠤᠨ ᠳᠠᠷᠠᠭ᠎ᠠ ᠦᠢᠯᠡᠳᠪᠦᠷᠢ ᠶᠢᠨ ᠦᠢᠯᠡ ᠠᠵᠢᠯᠯᠠᠭ᠎ᠠ ᠶᠢ ᠳᠠᠬᠢᠨ ᠡᠬᠢᠯᠡᠭᠦᠯᠬᠦ ᠪᠡᠷ ᠲᠣᠭᠠᠴᠠᠵᠤ ᠪᠠᠶᠢᠭ᠎ᠠ ᠭᠡᠨ᠎ᠡ᠃ ᠡᠨᠡ ᠬᠦᠷᠢᠶᠡᠨ ᠳᠦ ᠦᠢᠯᠡᠳᠪᠦᠷᠢ ᠶᠢᠨ ᠵᠠᠷᠢᠮ ᠲᠣᠨᠣᠭᠯᠠᠯ ᠢ ᠠᠦ᠋ᠲ᠋ᠣᠮᠠᠲᠵᠢᠭᠤᠯᠬᠤ᠂ ᠰᠢᠨᠡᠳᠭᠡᠬᠦ᠂ ᠰᠣᠯᠢᠬᠤ ᠠᠵᠢᠯ ᠬᠢᠬᠦ ᠶᠤᠮ ᠪᠠᠶᠢᠨ᠎ᠠ᠃ ᠲᠤᠰ ᠺᠣᠮᠫᠠᠨᠢ ᠦᠢᠯᠡᠳᠪᠦᠷᠢ ᠪᠡᠨ 2009 ᠣᠨ ᠤ ᠠᠷᠪᠠᠳᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠵᠤ ᠪᠠᠶᠢᠭᠰᠠᠨ ᠪᠥᠭᠡᠳ ᠵᠢᠯ ᠳᠦ 40 ᠮᠢᠩᠭᠠᠨ ᠲᠣᠨ ᠲᠡᠮᠦᠷ ᠦᠨ ᠬᠥᠳᠡᠷ ᠦᠨ ᠪᠠᠶᠠᠵᠢᠮᠠᠯ ᠢ ᠰᠢᠭᠤᠳ ᠠᠩᠭᠢᠵᠢᠷᠠᠭᠤᠯᠬᠤ ᠲᠧᠭᠨᠣᠯᠣᠭᠢ ᠪᠠᠷ ᠪᠣᠯᠪᠠᠰᠤᠷᠠᠭᠤᠯᠵᠤ᠂ ᠬᠣᠶᠠᠳᠤᠭᠠᠷ ᠱᠤᠭᠤᠮ ᠨᠢ 30 ᠮᠢᠩᠭᠠᠨ ᠲᠣᠨ᠂ 92-98 ᠬᠤᠪᠢ ᠶᠢᠨ ᠠᠭᠤᠯᠭ᠎ᠠ ᠲᠠᠢ ᠰᠢᠭᠤᠳ ᠠᠩᠭᠢᠵᠢᠷᠠᠭᠤᠯᠤᠭᠰᠠᠨ ᠲᠡᠮᠦᠷ ᠦᠢᠯᠡᠳᠪᠦᠷᠢᠯᠡᠬᠦ ᠬᠦᠴᠦᠨ ᠴᠢᠳᠠᠯ ᠲᠠᠢ᠃
ᠤᠭ ᠲᠧᠭᠨᠣᠯᠣᠭᠢ ᠨᠢ ᠰᠡᠭᠦᠯ ᠦᠨ ᠦᠶ᠎ᠡ ᠶᠢᠨ ᠬᠢ ᠪᠥᠭᠡᠳ ᠲᠤᠰ ᠦᠢᠯᠡᠳᠪᠦᠷᠢ ᠨᠢ ᠮᠣᠩᠭᠣᠯ ᠤᠯᠤᠰ ᠤᠨ ᠡᠨᠡ ᠴᠢᠭᠯᠡᠯ ᠦᠨ ᠠᠩᠬᠠᠳᠠᠭᠴᠢ ᠬᠡᠮᠡᠨ ᠲᠣᠭᠠᠴᠠᠭᠳᠠᠳᠠᠭ ᠠᠵᠠᠢ᠃ ᠰᠢᠭᠤᠳ ᠠᠩᠭᠢᠵᠢᠷᠠᠭᠤᠯᠤᠭᠰᠠᠨ ᠲᠡᠮᠦᠷ ᠨᠢ ᠬᠠᠶᠠᠭᠳᠠᠯ ᠲᠡᠮᠦᠷ᠂ ᠰᠢᠷᠡᠮᠦ ᠶᠢ ᠪᠦᠷᠢᠨ ᠤᠷᠤᠯᠠᠬᠤ ᠴᠢᠳᠠᠪᠤᠷᠢ ᠲᠠᠢ᠂ ᠰᠠᠶᠢᠨ ᠴᠢᠨᠠᠷᠲᠠᠢ ᠭᠠᠩ ᠤᠨ ᠲᠦᠭᠦᠬᠡᠢ ᠡᠳ᠋ ᠪᠣᠯᠳᠠᠭ ᠶᠤᠮ ᠪᠠᠶᠢᠨ᠎ᠠ᠃ ᠵᠠᠬ᠎ᠠ ᠵᠡᠭᠡᠯᠢ ᠲᠡᠢ ᠬᠣᠯᠪᠣᠭᠠᠲᠠᠢ ᠪᠠᠷ ᠲᠡᠳᠡ ᠦᠢᠯᠡᠳᠪᠦᠷᠢ ᠶᠢᠨ ᠢᠶᠡᠨ ᠦᠢᠯᠡ ᠠᠵᠢᠯᠯᠠᠭ᠎ᠠ ᠶᠢ 2015 ᠣᠨ ᠳᠤ ᠲᠦᠷ ᠵᠣᠭᠰᠣᠭᠠᠵᠤ ᠪᠠᠶᠢᠪᠠ᠃ ᠪᠢᠷᠵᠢ ᠶᠢᠨ2 ᠳ᠋ᠤᠭᠠᠷ ᠠᠩᠭᠢᠯᠠᠯ ᠳᠤ ᠪᠦᠷᠢᠳᠬᠡᠯ ᠲᠡᠢ 《ᠬᠥᠬᠡ ᠭᠠᠩ》ᠺᠣᠮᠫᠠᠨᠢ ᠶᠢᠨ ᠬᠤᠪᠢᠴᠠᠭᠠᠨ ᠤ ᠬᠠᠩᠰᠢ ᠨᠢᠭᠡ ᠵᠢᠯ ᠦᠨ ᠡᠮᠦᠨ᠎ᠡ 95 ᠲᠥᠭᠥᠷᠢᠭ ᠲᠡᠢ ᠲᠡᠩᠴᠡᠵᠦ ᠪᠠᠶᠢᠭᠰᠠᠨ ᠪᠣᠯ ᠥᠴᠥᠭᠡᠳᠦᠷ 110 ᠲᠥᠭᠥᠷᠢᠭ ᠲᠡᠢ ᠳ᠋ᠦᠢᠵᠦ ᠪᠠᠶᠢᠪᠠ᠃ ᠡᠨᠡ ᠨᠢ ᠥᠩᠭᠡᠷᠡᠭᠰᠡᠨ ᠣᠨ ᠤ ᠡᠬᠢ ᠪᠡᠷ ᠨᠢᠭᠡᠴᠢ ᠨᠢ 53.5 ᠲᠥᠭᠥᠷᠢᠭ ᠲᠡᠢ ᠲᠡᠩᠴᠡᠵᠦ ᠪᠠᠶᠢᠭᠰᠠᠨ ᠠᠴᠠ ᠬᠣᠶᠠᠷ ᠳᠠᠬᠢᠨ ᠥᠰᠦᠭᠰᠡᠨ ᠦᠵᠡᠭᠦᠯᠦᠯᠲᠡ ᠶᠤᠮ ᠃ ︽ᠬᠥᠬᠡ ᠭᠠᠩ︾ ᠺᠣᠮᠫᠠᠨᠢ ᠶᠢᠨ 52.5 ᠬᠤᠪᠢ ᠶᠢ ︽ᠪᠡᠷᠡᠨ ᠭᠷᠦ᠋ᠫ︾ ᠡᠵᠡᠮᠰᠢᠵᠦ ᠪᠤᠢ᠃