ᠲᠥᠷᠥ ᠶᠢᠨ ᠠᠵᠢᠯ ᠳᠤ ᠬᠤᠪᠢ ᠠᠴᠠ ᠪᠠᠨ ᠵᠠᠷᠤᠳᠠᠯ ᠭᠠᠷᠭᠠᠬᠤ ᠨᠢ ᠵᠣᠬᠢᠰ ᠦᠭᠡᠢ | News.MN

ᠲᠥᠷᠥ ᠶᠢᠨ ᠠᠵᠢᠯ ᠳᠤ ᠬᠤᠪᠢ ᠠᠴᠠ ᠪᠠᠨ ᠵᠠᠷᠤᠳᠠᠯ ᠭᠠᠷᠭᠠᠬᠤ ᠨᠢ ᠵᠣᠬᠢᠰ ᠦᠭᠡᠢ

ᠤᠯᠤᠰ ᠤᠨ ᠶᠡᠬᠡ ᠬᠤᠷᠠᠯ ᠤᠨ ᠭᠡᠰᠢᠭᠦᠨ ᠠ᠊∙ᠤᠨᠳᠤᠷᠠ ᠶᠢᠨ ᠭᠠᠳᠠᠭᠠᠳᠤ ᠲᠣᠮᠢᠯᠠᠯᠲᠠ ᠶᠢᠨ ᠵᠠᠷᠤᠳᠠᠯ ᠢ ᠮᠣᠩᠭᠣᠯ ᠤᠯᠤᠰ ᠤᠨ ᠶᠡᠬᠡ ᠰᠤᠷᠭᠠᠭᠤᠯᠢ ᠭᠠᠷᠭᠠᠭᠰᠠᠨ ᠭᠡᠰᠡᠨ ᠭᠡᠬᠦ ᠪᠠᠷᠢᠮᠲᠠ ᠬᠡᠪᠯᠡᠯ ᠮᠡᠳᠡᠭᠡᠯᠡᠯ ᠦᠨ ᠬᠡᠷᠡᠭᠰᠡᠯ  ᠢᠶᠠᠷ ᠰᠠᠴᠤᠭᠳᠠᠭᠰᠠᠨ ᠃ ᠡᠨᠡ ᠲᠠᠯ᠎ᠠ ᠪᠠᠷ ᠲᠡᠭᠦᠨ ᠡᠴᠡ ᠲᠣᠳᠣᠷᠠᠭᠤᠯᠤᠯ᠎ᠠ᠃
᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎    – ᠲᠠᠨ ᠤ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠲᠤ ᠶᠠᠪᠤᠭᠰᠠᠨ ᠲᠣᠮᠢᠯᠠᠯᠲᠠ ᠶᠢᠨ ᠵᠠᠷᠤᠳᠠᠯ ᠢ ᠮᠣᠩᠭᠣᠯ ᠤᠯᠤᠰ ᠤᠨ ᠶᠡᠬᠡ ᠰᠤᠷᠭᠠᠭᠤᠯᠢ ᠭᠠᠷᠭᠠᠭᠰᠠᠨ ᠭᠡᠳᠡᠭ ᠮᠡᠳᠡᠭᠡᠯᠡᠯ ᠦᠨᠡᠨ ᠦᠦ
-ᠮᠣᠩᠭᠣᠯ ᠤᠯᠤᠰ ᠤᠨ ᠶᠡᠬᠡ ᠰᠤᠷᠭᠠᠭᠤᠯᠢ᠂ ᠰᠸᠦ᠋ᠯ ᠦᠨ ᠦᠨᠳᠦᠰᠦᠨ ᠦ ᠶᠡᠬᠡ ᠰᠤᠷᠭᠠᠭᠤᠯᠢ ᠶᠢᠨ ᠬᠠᠷᠢᠯᠴᠠᠭ᠎ᠠ ᠶᠢ ᠪᠡᠬᠢᠵᠢᠭᠦᠯᠬᠦ  ᠳᠦ ᠪᠣᠳᠣᠯᠭ᠎ᠠ ᠶᠢᠨ ᠳᠡᠮᠵᠢᠯᠭᠡ ᠦᠵᠡᠭᠦᠯᠬᠦ ᠠᠵᠢᠯ ᠢᠶᠠᠷ ᠶᠠᠪᠤᠭᠰᠠᠨ᠃ ᠪᠠᠶᠢᠩᠭᠤ ᠶᠢᠨ ᠬᠣᠷᠢᠶᠠᠨ ᠤ ᠳᠠᠷᠤᠭ᠎ᠠ ᠶᠢᠨ ᠥᠭᠭᠦᠭᠰᠡᠨ ᠡᠭᠦᠷᠭᠡ ᠶᠢᠨ ᠳᠠᠭᠠᠤ ᠠᠵᠢᠯ ᠢᠶᠠᠷ ᠶᠠᠪᠤᠭᠰᠠᠨ᠃
-ᠵᠠᠷᠤᠳᠠᠯ ᠢ ᠵᠠᠪᠠᠯ ᠰᠤᠷᠭᠠᠭᠤᠯᠢ ᠠᠴᠠ ᠭᠠᠷᠭᠠᠳᠠᠭ ᠨᠢ ᠶᠠᠮᠠᠷ ᠤᠴᠢᠷ ᠲᠠᠢ ᠶᠤᠮ ᠪᠤᠢ᠃ ᠰᠤᠷᠭᠠᠯᠲᠠ ᠶᠢᠨ ᠲᠥᠯᠥᠪᠦᠷᠢ ᠪᠡᠨ ᠲᠥᠯᠦᠵᠦ ᠴᠢᠳᠠᠬᠤ ᠦᠭᠡᠢ ᠣᠯᠠᠨ ᠣᠶᠤᠲᠠᠨ ᠪᠠᠶᠢᠬᠤ ᠳᠤ ᠭᠡᠰᠢᠭᠦᠳ ᠦᠨ ᠭᠠᠳᠠᠭᠠᠳᠤ ᠲᠣᠮᠢᠯᠠᠯᠲᠠ ᠶᠢᠨ ᠵᠠᠷᠤᠳᠠᠯ ᠢ ᠰᠤᠷᠭᠠᠭᠤᠯᠢ ᠥᠪᠡᠷ ᠢᠶᠡᠨ ᠭᠠᠷᠭᠠᠬᠤ ᠨᠢ  ᠬᠢᠷᠢ ᠵᠣᠬᠢᠰᠲᠠᠢ ᠪᠤᠢ ︖
– ᠬᠡᠷᠪᠡ ᠶᠡᠬᠡ ᠰᠤᠷᠭᠠᠭᠤᠯᠢ ᠶᠢ ᠴᠢᠳᠠᠪᠬᠢᠵᠢᠭᠤᠯᠬᠤ ᠴᠢᠭᠯᠡᠯ ᠢᠶᠡᠷ ᠲᠣᠮᠢᠯᠠᠯᠲᠠ ᠪᠠᠷ ᠶᠠᠪᠤᠭ᠎ᠠ ᠦᠭᠡᠢ ᠪᠣᠯ ᠵᠠᠷᠤᠳᠠᠯ ᠢ ᠭᠠᠷᠭᠠᠬᠤ ᠦᠭᠡᠢ ᠪᠠᠶᠢᠬᠤ᠃ ᠶᠡᠬᠡ ᠳᠡᠭᠡᠳᠦ ᠰᠤᠷᠭᠠᠭᠤᠯᠢ ᠨᠤᠭᠤᠳ ᠢ ᠴᠢᠳᠠᠪᠬᠢᠵᠢᠭᠤᠯᠬᠤ᠂ ᠰᠤᠳᠤᠯᠭᠠᠨ ᠤ ᠲᠥᠰᠥᠪ ᠢ ᠨᠡᠮᠡᠬᠦ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠴᠢᠭᠯᠡᠯ ᠦᠨ ᠬᠠᠤᠯᠢ ᠲᠣᠭᠲᠠᠭᠠᠮᠵᠢ ᠶᠢ ᠰᠠᠶᠢᠵᠢᠷᠠᠭᠤᠯᠬᠤ ᠵᠡᠷᠭᠡ ᠬᠡᠷᠡᠭᠴᠡᠭᠡ ᠪᠠᠶᠢᠭ᠎ᠠ᠃
-ᠮᠣᠩᠭᠣᠯ ᠤᠯᠤᠰ ᠤᠨ ᠶᠡᠬᠡ ᠰᠤᠷᠭᠠᠭᠤᠯᠢ ᠠᠴᠠ ᠵᠠᠷᠤᠳᠠᠯ ᠢ ᠨᠢ ᠭᠠᠷᠭᠠᠵᠤ ᠪᠠᠶᠢᠭ᠎ᠠ ᠶᠢ ᠲᠠ ᠮᠡᠳᠡᠵᠦ ᠪᠠᠶᠢᠭᠰᠠᠨ ᠤᠤ ︖
-ᠮᠣᠩᠭᠣᠯ ᠤᠯᠤᠰ ᠤᠨ ᠶᠡᠬᠡ ᠰᠤᠷᠭᠠᠭᠤᠯᠢ ᠠᠴᠠ ᠵᠠᠷᠤᠳᠠᠯ ᠭᠠᠷᠴᠤ ᠪᠠᠶᠢᠭ᠎ᠠ ᠭᠡᠳᠡᠭ ᠢ ᠣᠨᠴᠠᠭᠠᠶᠢᠯᠠᠵᠤ ᠮᠡᠳᠡᠭᠡ ᠦᠭᠡᠢ᠃ ᠭᠡᠬᠦ ᠳᠦ ᠪᠡᠨ ᠡᠨᠡ ᠴᠢᠭᠯᠡᠯ ᠢᠶᠡᠷ᠂ ᠥᠭᠡᠷ᠎ᠡ ᠭᠡᠰᠢᠭᠦᠳ ᠶᠠᠪᠤᠳᠠᠭ ᠦᠭᠡᠢ ᠶᠢ ᠪᠢ ᠮᠡᠳᠡᠬᠦ ᠦᠭᠡᠢ ᠪᠠᠶᠢᠨ᠎ᠠ᠃ ᠲᠥᠷᠥ ᠶᠢᠨ ᠪᠠᠶᠢᠭᠤᠯᠤᠯᠭ᠎ᠠ ᠨᠤᠭᠤᠳ  ᠭᠡᠰᠢᠭᠦᠳ ᠦᠨ ᠵᠠᠷᠤᠳᠠᠯ ᠢ ᠳᠠᠭᠠᠭᠠᠵᠤ ᠶᠠᠪᠤᠭᠤᠯᠬᠤ ᠲᠣᠬᠢᠶᠠᠯᠳᠤᠯ ᠪᠠᠶᠢᠳᠠᠭ᠃ ᠶᠡᠷᠦ ᠨᠢ ᠵᠠᠷᠤᠳᠠᠯ ᠬᠠᠮᠢᠭ᠎ᠠ ᠠᠴᠠ ᠭᠠᠷᠴᠤ ᠪᠠᠶᠢᠨ᠎ᠠ ᠪᠤᠢ ᠭᠡᠳᠡᠭ ᠨᠢ ᠮᠠᠰᠢ ᠴᠢᠬᠤᠯᠠ ᠠᠰᠠᠭᠤᠳᠠᠯ᠃ ᠬᠤᠪᠢ ᠶᠢᠨ ᠺᠣᠮᠫᠠᠨᠢ ᠶᠢᠨ ᠵᠠᠷᠤᠳᠠᠯ ᠢᠶᠠᠷ ᠭᠡᠰᠢᠭᠦᠳ ᠶᠠᠪᠤᠭᠠᠳ ᠲᠤᠬᠠᠢ ᠶᠢᠨ ᠺᠣᠮᠫᠠᠨᠢ ᠶᠢᠨ ᠠᠵᠢᠯ ᠢ ᠬᠢᠭᠡᠳ ᠶᠠᠪᠤᠬᠤ ᠨᠢ ᠬᠠᠤᠯᠢ ᠪᠠᠷ ᠬᠣᠷᠢᠭ᠎ᠠ ᠲᠠᠢ᠃
– ᠲᠠ ᠬᠤᠪᠢ ᠠᠴᠠ ᠪᠠᠨ ᠵᠠᠷᠤᠳᠠᠯ ᠭᠠᠷᠭᠠᠵᠤ ᠪᠣᠯᠤᠭ᠎ᠠ ᠦᠭᠡᠢ ᠶᠤᠮ ᠤᠤ ︖
– ᠪᠡᠶ᠎ᠡ ᠪᠡᠨ ᠡᠮᠴᠢᠯᠡᠭᠦᠯᠬᠦ ᠵᠡᠷᠭᠡ ᠬᠤᠪᠢ ᠶᠢᠨ ᠵᠣᠷᠢᠯᠭ᠎ᠠ ᠪᠠᠷ ᠶᠠᠪᠤᠵᠤ ᠪᠠᠶᠢᠭ᠎ᠠ ᠲᠣᠬᠢᠶᠠᠯᠳᠤᠯ ᠳᠤ ᠮᠡᠳᠡᠭᠡᠵᠢ ᠵᠠᠷᠤᠳᠠᠯ ᠢ ᠥᠪᠡᠷ ᠡᠴᠡ ᠪᠡᠨ ᠭᠠᠷᠭᠠᠨ᠎ᠠ᠃ ᠲᠡᠭᠦᠨ ᠡᠴᠡ ᠪᠢᠰᠢ ᠲᠥᠷᠥ ᠶᠢᠨ ᠠᠵᠢᠯ ᠳᠤ  ᠬᠤᠪᠢ ᠶᠢᠨ ᠵᠠᠷᠤᠳᠠᠯ ᠭᠠᠷᠭᠠᠵᠤ ᠶᠠᠪᠤᠬᠤ ᠨᠢ ᠵᠣᠬᠢᠰ ᠦᠭᠡᠢ᠃ ᠲᠥᠷᠥ ᠶᠢᠨ ᠬᠦᠮᠦᠨ ᠲᠥᠷᠥ ᠶᠢᠨ ᠠᠵᠢᠯ ᠢᠶᠠᠨ ᠯᠠ ᠬᠢᠬᠦ ᠶᠣᠰᠣᠲᠠᠢ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

iTheme 2018-09-19 103.50.206.32

fff