ᠶᠡᠷᠦᠩᠬᠡᠢ ᠰᠠᠶᠢᠳ ᠢ ᠴᠠᠭᠠᠨ ᠣᠷᠳᠣᠨ᠍ ᠠᠴᠠ ᠤᠷᠢᠯ᠎ᠠ | News.MN

ᠶᠡᠷᠦᠩᠬᠡᠢ ᠰᠠᠶᠢᠳ ᠢ ᠴᠠᠭᠠᠨ ᠣᠷᠳᠣᠨ᠍ ᠠᠴᠠ ᠤᠷᠢᠯ᠎ᠠ

ᠮᠣᠩᠭᠣᠯ ᠤᠯᠤᠰ ᠤᠨ ᠶᠡᠷᠦᠩᠬᠡᠢ ᠰᠠᠶᠢᠳ ᠤᠬᠤᠨ᠎ᠠ ᠶᠢᠨ ᠬᠦᠷᠡᠯᠰᠦ᠋ᠬᠡ ᠴᠠᠭᠠᠨ ᠣᠷᠳᠣᠨ ᠤ ᠤᠷᠢᠯᠭ᠎ᠠ ᠪᠠᠷ 2018 ᠣᠨ ᠤ 9 ᠳ᠋ᠤᠭᠡᠷ ᠰᠠᠷ᠎ᠠ ᠶᠢᠨ 18 ᠍ ᠠᠴᠠ ᠠᠮᠧᠷᠢᠺᠠ ᠶᠢᠨ ᠨᠢᠭᠡᠳᠦᠭᠰᠡᠨ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃ ᠶᠡᠷᠦᠩᠬᠡᠢ ᠰᠠᠶᠢᠳ ᠠᠶᠢᠯᠴᠢᠯᠠᠯ ᠤᠨ ᠢᠶᠠᠨ ᠦᠶ᠎ᠡ ᠪᠡᠷ ᠠᠮᠧᠷᠢᠺᠠ ᠶᠢᠨ ᠳᠡᠭᠡᠳᠦ ᠤᠳᠤᠷᠢᠳᠤᠯᠭ᠎ᠠ ᠲᠠᠢ ᠠᠭᠤᠯᠵᠠᠵᠤ᠂ ᠮᠣᠩᠭᠣᠯ ᠠᠮᠧᠷᠢᠺᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠥᠨᠥ ᠶᠢᠨ ᠪᠠᠶᠢᠳᠠᠯ ᠤᠨ ᠲᠠᠯ᠎ᠠ ᠪᠠᠷ ᠰᠠᠨᠠᠯ ᠰᠣᠯᠢᠯᠴᠠᠨ᠎ᠠ ᠃ ᠠᠶᠢᠯᠴᠢᠯᠠᠯ ᠤᠨ ᠳ᠋ᠦᠩ ᠳᠦ ᠲᠠᠯ᠎ᠠ ᠨᠤᠭᠤᠳ ᠥᠷᠭᠡᠳᠬᠡᠭᠰᠡᠨ ᠢᠵᠢ ᠪᠦᠷᠢᠨ ᠲᠦᠩᠰᠢᠯᠡᠯ ᠦᠨ ᠲᠤᠬᠠᠢ ᠮᠣᠩᠭᠣᠯ ᠠᠮᠧᠷᠢᠺᠠ ᠶᠢᠨ ᠬᠠᠮᠲᠤᠷᠠᠭᠰᠠᠨ ᠠᠯᠪᠠᠨ ᠮᠡᠳᠡᠭᠡ ᠭᠠᠷᠭᠠᠵᠤ᠂ ᠬᠣᠶᠠᠷ ᠤᠯᠤᠰ ᠤᠨ ᠬᠣᠭᠣᠷᠣᠨᠳᠣ ᠶᠢᠨ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠲᠤᠬᠠᠢ ᠵᠠᠮ ᠤᠨ ᠵᠢᠷᠤᠭᠯᠠᠯ ᠢ ᠲᠣᠬᠢᠷᠠᠯᠴᠠᠨ᠎ᠠ᠃
ᠮᠥᠨ ᠠᠮᠧᠷᠢᠺᠠ ᠶᠢᠨ ᠵᠠᠰᠠᠭ ᠤᠨ ᠭᠠᠵᠠᠷ ᠠᠴᠠ ᠤᠯᠠᠭᠠᠨᠪᠠᠭᠠᠲᠤᠷ ᠬᠣᠲᠠ ᠶᠢᠨ ᠤᠰᠤ ᠬᠠᠩᠭᠠᠮᠵᠢ ᠶᠢ ᠨᠡᠮᠡᠭᠳᠡᠭᠦᠯᠬᠦ ᠵᠣᠷᠢᠯᠭ᠎ᠠ ᠪᠠᠷ ᠣᠯᠭᠤᠵᠤ ᠪᠤᠢ ᠪᠤᠴᠠᠯᠲᠠ ᠦᠭᠡᠢ ᠲᠤᠰᠠᠯᠠᠮᠵᠢ ᠶᠢᠨ ᠭᠡᠷ᠎ᠡ ᠶᠢ ᠪᠠᠲᠤᠯᠠᠭᠠᠵᠢᠭᠤᠯᠬᠤ ᠲᠤᠩᠬᠠᠭᠯᠠᠯ ᠳᠤ ᠭᠠᠷ ᠤᠨ ᠦᠰᠦᠭ ᠵᠢᠷᠤᠨ᠎ᠠ᠃
ᠶᠡᠷᠦᠩᠬᠡᠢ ᠰᠠᠶᠢᠳ ᠸᠠᠰᠢᠩᠲ᠋ᠣᠨ ᠬᠤᠲᠠᠨ᠎ᠠ ᠠᠮᠧᠷᠢᠺᠠ ᠳᠦ ᠠᠵᠤ ᠲᠦᠷᠦᠵᠦ ᠪᠤᠢ ᠮᠣᠩᠭᠣᠯᠴᠤᠳ ᠤᠨ ᠲᠦᠯᠦᠭᠡᠯᠡᠯ ᠲᠡᠢ ᠠᠭᠤᠯᠵᠠᠬᠤ ᠪᠠᠷ ᠲᠥᠯᠥᠪᠯᠡᠵᠦ ᠪᠠᠶᠢᠨ᠎ᠠ᠃ ᠲᠡᠷᠡ ᠪᠡᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 73 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠣᠷᠣᠯᠴᠠᠵᠤ ᠦᠭᠡ ᠬᠡᠯᠡᠬᠦ ᠶᠢᠨ ᠵᠡᠷᠭᠡᠴᠡᠭᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠲᠠᠢ ᠠᠭᠤᠯᠵᠠᠵᠤ ᠶᠠᠷᠢᠯᠴᠠᠨ᠎ᠠ᠃

ᠰᠡᠳᠬᠢᠭᠳᠡᠯ ᠦᠯᠡᠳᠡᠭᠡᠬᠦ