ᠶᠡᠷᠦᠩᠬᠡᠶᠢᠯᠡᠭᠴᠢ UNFRIEND ᠬᠥᠳᠡᠯᠭᠡᠭᠡᠨ ᠳᠦ ᠨᠢᠭᠡᠳᠦᠯ᠎ᠡ | News.MN

ᠶᠡᠷᠦᠩᠬᠡᠶᠢᠯᠡᠭᠴᠢ UNFRIEND ᠬᠥᠳᠡᠯᠭᠡᠭᠡᠨ ᠳᠦ ᠨᠢᠭᠡᠳᠦᠯ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠨᠡᠶᠢᠭᠡᠮ ᠤᠨ ᠰᠦᠯᠵᠢᠶᠡᠨ ᠦ ᠬᠡᠷᠡᠭᠯᠡᠭᠴᠢᠳ ᠲᠦ ᠡᠷᠬᠡ ᠵᠦᠢ ᠶᠢᠨ ᠪᠣᠯᠤᠨ ᠢᠨᠲᠸᠷᠨᠧᠲ ᠬᠡᠷᠡᠭᠯᠡᠭᠡᠨ ᠦ ᠮᠡᠳᠡᠯᠭᠡ ᠣᠯᠭᠣᠬᠤ᠂ ᠬᠠᠷᠢᠭᠤᠴᠠᠯᠭ᠎ᠠ ᠲᠠᠢ ᠬᠡᠷᠡᠭᠯᠡᠭᠡ ᠶᠢ ᠪᠤᠢ ᠪᠣᠯᠭᠠᠬᠤ᠂ ᠤᠴᠠᠷᠠᠵᠤ ᠪᠣᠯᠬᠤ ᠡᠷᠡᠰᠳᠡᠯ ᠡᠴᠡ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠪᠠᠷ ᠴᠠᠭᠳᠠᠭ᠎ᠠ ᠶᠢᠨ ᠶᠡᠷᠦᠩᠬᠡᠢ ᠭᠠᠵᠠᠷ ᠠᠴᠠ ᠰᠠᠨᠠᠭᠠᠴᠢᠯᠠᠨ ᠵᠣᠬᠢᠶᠠᠨ ᠪᠠᠶᠢᠭᠤᠯᠵᠤ ᠪᠤᠢ ᠨᠢᠭᠡ ᠰᠠᠷ᠎ᠠ ᠶᠢᠨ ᠠᠶᠠᠨ ᠢ ᠳᠡᠮᠵᠢᠵᠦ ᠪᠤᠢ  ᠪᠠᠨ ᠢᠯᠡᠷᠬᠡᠶᠢᠯᠡᠵᠦ᠂  ᠵᠢᠷᠤᠭ ᠢᠶᠠᠨ ᠠᠪᠬᠠᠭᠤᠯᠤᠯ᠎ᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠡᠴᠢᠭᠡ ᠡᠬᠡᠴᠦᠳ ᠲᠦ  ︽ᠬᠡᠦᠬᠡᠳ ᠬᠠᠮᠠᠭᠠᠯᠠᠯ ᠤᠨ ᠲᠤᠬᠠᠢ︾ ᠬᠠᠤᠯᠢ ᠶᠢᠨ ᠳᠠᠷᠠᠭᠠᠬᠢ ᠵᠢᠭᠠᠯᠲᠠ ᠨᠤᠭᠤᠳ ᠢ ᠰᠠᠨᠠᠭᠤᠯᠵᠤ᠂ ᠴᠠᠬᠢᠮ ᠣᠷᠴᠢᠨ ᠳ᠋ᠠᠬᠢ ᠪᠣᠯᠵᠣᠰᠢ ᠦᠭᠡᠢ ᠬᠠᠯᠳᠠᠯᠭ᠎ᠠ ᠠᠴᠠ ᠥᠪᠡᠷ ᠢ ᠪᠡᠨ ᠪᠣᠯᠤᠨ ᠭᠡᠷ ᠪᠦᠯᠢ ᠪᠡᠨ ᠬᠠᠮᠠᠭᠠᠯᠠᠬᠤ᠂ ᠬᠡᠦᠬᠡᠳ ᠦᠨ ᠢᠶᠡᠨ ᠨᠡᠶᠢᠭᠡᠮ ᠤᠨ ᠰᠦᠯᠵᠢᠶᠡᠨ ᠦ ᠬᠡᠷᠡᠭᠯᠡᠭᠡᠨ ᠳᠦ ᠬᠢᠨᠠᠯᠲᠠ ᠲᠠᠯᠪᠢᠬᠤ᠂ ᠨᠡᠶᠢᠭᠡᠮ ᠤᠨ ᠰᠦᠯᠵᠢᠶᠡᠨ ᠦ ᠵᠣᠬᠢᠰᠲᠠᠢ ᠬᠡᠷᠡᠭᠯᠡᠭᠡ ᠶᠢ ᠬᠡᠪᠰᠢᠭᠦᠯᠬᠦ᠂ ᠴᠠᠬᠢᠮ ᠭᠡᠮᠲᠦ ᠬᠡᠷᠡᠭ ᠡᠴᠡ ᠬᠠᠮᠲᠤ ᠳᠤ ᠪᠠᠨ ᠰᠡᠷᠭᠡᠶᠢᠯᠡᠬᠦ ᠳᠦ ᠤᠷᠢᠶᠠᠯᠠᠪᠠ᠃
ᠡᠬᠢ ᠰᠤᠷᠪᠤᠯᠵᠢ᠄ ᠶᠡᠷᠦᠩᠬᠡᠶᠢᠯᠡᠭᠴᠢ ᠶᠢᠨ ᠬᠡᠪᠯᠡᠯ ᠦᠨ ᠠᠯᠪᠠ

ᠰᠡᠳᠬᠢᠭᠳᠡᠯ ᠦᠯᠡᠳᠡᠭᠡᠬᠦ