ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠵᠠᠪᠬᠠᠨ ᠠᠶᠢᠮᠠᠭ ᠤᠨ ᠶᠡᠬᠡ ᠠᠭᠤᠯᠠ ᠪᠠᠭ ᠤᠨ ᠨᠤᠲᠤᠭ ᠠᠷᠤ ᠭᠠᠩᠭ᠎ᠠ ᠠᠭᠤᠯᠠ ᠶᠢᠨ ᠣᠢ ᠶᠢᠨ ᠴᠡᠪᠡᠷᠯᠡᠭᠡᠨ ᠦ ᠠᠵᠢᠯ ᠤᠨ ᠶᠠᠪᠤᠴᠠ ᠲᠠᠢ ᠲᠠᠨᠢᠯᠴᠠᠯ᠎ᠠ᠃ ᠰᠢᠲᠠᠭᠰᠠᠨ ᠣᠢ ᠶᠢ ᠴᠡᠪᠡᠷᠯᠡᠬᠦ ᠠᠵᠢᠯ ᠳᠤ ᠲᠥᠷᠥ ᠶᠢᠨ ᠪᠣᠯᠤᠨ ᠲᠥᠷᠥ ᠶᠢᠨ ᠪᠤᠰᠤ ᠣᠯᠠᠨ ᠪᠠᠶᠢᠭᠤᠯᠤᠯᠭ᠎ᠠ ᠣᠷᠣᠯᠴᠠᠵᠤ ᠪᠠᠶᠢᠭ᠎ᠠ ᠠᠴᠠ ᠭᠠᠳᠠᠨ᠎ᠠ ᠠᠬᠠᠯᠠᠬᠤ ᠠᠩᠬᠢ ᠶᠢᠨ ᠰᠤᠷᠤᠭᠴᠢᠳ᠂ ᠬᠠᠤᠯᠢ ᠰᠠᠬᠢᠭᠤᠯᠬᠤ ᠶᠡᠬᠡ ᠰᠤᠷᠭᠠᠭᠤᠯᠢ ᠶᠢᠨ ᠰᠣᠨᠣᠰᠤᠭᠴᠢᠳ ᠮᠥᠨ ᠭᠠᠷ ᠪᠡᠶ᠎ᠡ ᠣᠷᠣᠯᠴᠠᠵᠤ ᠪᠠᠶᠢᠭᠰᠠᠨ ᠶᠤᠮ᠃
ᠤᠴᠢᠷ ᠨᠢ᠂ ᠵᠠᠪᠬᠠᠨ ᠠᠶᠢᠮᠠᠭ ᠤᠨ ᠵᠠᠰᠠᠭ ᠳᠠᠷᠤᠭ᠎ᠠ ᠳ ∙ ᠪᠠᠲᠤᠰᠠᠶᠢᠬᠠᠨ 2018 ᠣᠨ ᠤ ᠨᠠᠢᠮᠠᠳᠤᠭᠠᠷ ᠰᠠᠷ᠎ᠠ ᠶᠢᠨ 2 ᠍ ᠤ ᠡᠳᠦᠷ ︽ᠵᠥᠪ ᠲᠡᠮᠡᠤᠯᠤᠯ ᠡᠬᠡ ᠣᠷᠣᠨᠴᠢ ᠮᠠᠩᠯᠠᠶᠢᠯᠠᠯ》 ᠰᠡᠳᠦᠪᠲᠦ ᠰᠤᠷᠭᠠᠯᠲᠠ ᠵᠣᠬᠢᠶᠠᠨ ᠪᠠᠶᠢᠭᠤᠯᠬᠤ ᠵᠠᠬᠢᠷᠤᠮᠵᠢ ᠭᠠᠷᠭᠠᠭᠰᠠᠨ ᠪᠥᠭᠡᠳ ᠤᠭ ᠵᠠᠬᠢᠷᠤᠮᠵᠢ ᠶᠢᠨ ᠬᠦᠷᠢᠶᠡᠨ ᠳᠦ ᠪᠠᠲᠤᠯᠠᠨ ᠬᠠᠮᠠᠭᠠᠯᠠᠬᠤ ᠶᠠᠮᠤᠨ᠂ ᠵᠡᠪᠰᠡᠭᠲᠦ ᠬᠦᠴᠦᠨ ᠦ ᠵᠠᠩᠵᠤᠨ ᠱᠲ᠋ᠠᠪ᠂ ᠬᠢᠯᠢ ᠬᠠᠮᠠᠭᠠᠯᠠᠬᠤ ᠶᠡᠷᠦᠩᠬᠡᠢ ᠭᠠᠵᠠᠷ ᠤᠨ ᠳᠡᠮᠵᠢᠯᠭᠡ ᠲᠡᠢ ᠪᠡᠷ ᠵᠠᠪᠬᠠᠨ ᠠᠶᠢᠮᠠᠭ ᠲᠤ ᠦᠢᠯᠡ ᠠᠵᠢᠯᠯᠠᠭ᠎ᠠ ᠶᠠᠪᠤᠭᠤᠯᠵᠤ ᠪᠤᠢ 12 ᠵᠢᠯ ᠦᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 11᠂ 12 ᠳ᠋ᠤᠭᠠᠷ ᠠᠩᠬᠢ ᠶᠢᠨ ᠰᠤᠷᠤᠭᠴᠢᠳ ᠢ ᠬᠠᠮᠤᠷᠤᠭᠤᠯᠤᠨ ᠰᠤᠷᠭᠠᠯᠲᠠ ᠵᠣᠬᠢᠶᠠᠨ ᠪᠠᠶᠢᠭᠤᠯᠬᠤ ᠪᠠᠷ ᠪᠤᠯᠤᠭᠰᠠᠨ᠃ ᠡᠨᠡ ᠰᠤᠷᠭᠠᠯᠲᠠ ᠶᠢᠨ ᠨᠢᠭᠡ ᠬᠡᠰᠡᠭ ᠨᠢ ᠰᠢᠲᠠᠭᠰᠠᠨ ᠣᠢ ᠶᠢᠨ ᠴᠡᠪᠡᠷᠯᠡᠭᠡ ᠪᠥᠭᠡᠳ ᠰᠤᠷᠤᠭᠴᠢᠳ ᠲᠤ ᠰᠡᠳᠭᠢᠯ ᠵᠦᠢ ᠶᠢᠨ ᠪᠡᠯᠡᠳᠬᠡᠯ᠂ ᠭᠠᠯ ᠤᠨ ᠪᠡᠯᠡᠳᠬᠡᠯ᠂ ᠴᠡᠷᠢᠭ ᠦᠨ ᠳᠦᠷᠢᠮ᠂ ᠵᠢᠭᠰᠠᠭᠠᠯ ᠤᠨ ᠪᠡᠯᠡᠳᠬᠡᠯ᠂ ᠠᠮᠢᠳᠤ ᠭᠠᠷᠬᠤ ᠤᠬᠠᠭᠠᠨ᠂ ᠪᠡᠶ᠎ᠡ ᠶᠢᠨ ᠲᠠᠮᠢᠷ ᠂ ᠭᠠᠷᠳᠠᠨ ᠲᠤᠯᠤᠭᠠᠨ᠂ ᠴᠡᠷᠢᠭ ᠡᠬᠡ ᠣᠷᠣᠨᠴᠢ ᠬᠦᠮᠦᠵᠢᠯ ᠵᠡᠷᠭᠡ ᠰᠡᠳᠦᠪ ᠢᠶᠡᠷ ᠬᠢᠴᠢᠶᠡᠯ ᠣᠷᠣᠵᠤ᠂ ᠳᠠᠷᠠᠭ᠎ᠠ ᠨᠢ ᠮᠡᠷᠭᠡᠵᠢᠯ ᠦᠨ ᠪᠠᠭ ᠢᠶᠠᠷ ᠠᠬᠠᠯᠠᠭᠤᠯᠤᠨ ᠣᠢ ᠶᠢᠨ ᠴᠡᠪᠡᠷᠯᠡᠭᠡᠨ ᠳᠦ ᠣᠷᠤᠯᠴᠠᠭᠤᠯᠤᠭᠰᠠᠨ ᠪᠠᠶᠢᠨ᠎ᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠢ ᠶᠢᠨ ᠴᠡᠪᠡᠷᠯᠡᠭᠡᠨ ᠳᠦ ᠣᠷᠣᠯᠴᠠᠵᠤ ᠪᠠᠶᠢᠭ᠎ᠠ ᠬᠡᠦᠬᠡᠳ ᠦᠳ ᠲᠡᠢ ᠠᠭᠤᠯᠵᠠᠵᠤ᠂ ︽ᠨᠤᠲᠤᠭ ᠣᠷᠣᠨ ᠢᠶᠠᠨ᠂ ᠰᠢᠲᠠᠭᠰᠠᠨ ᠣᠢ ᠶᠢ ᠦᠶ᠎ᠡ ᠲᠡᠩ ᠦᠨ ᠬᠢᠨ ᠲᠡᠢ ᠪᠡᠨ ᠨᠡᠶᠢᠯᠡᠨ ᠴᠡᠪᠡᠷᠯᠡᠵᠦ ᠪᠠᠶᠢᠭ᠎ᠠ ᠲᠠ ᠪᠦᠬᠦᠨ ᠢᠶᠡᠷ ᠪᠠᠬᠠᠷᠬᠠᠵᠤ ᠪᠠᠶᠢᠨ᠎ᠠ︾ ᠭᠡᠰᠡᠨ ᠶᠤᠮ᠃ ᠲᠡᠷᠡ ᠪᠡᠷ ︽ᠵᠥᠪ ᠲᠡᠮᠡᠤᠯᠤᠯ ᠡᠬᠡ ᠣᠷᠣᠨᠴᠢ ᠮᠠᠩᠯᠠᠶᠢᠯᠠᠯ︾ ᠰᠤᠷᠭᠠᠯᠲᠠ ᠳᠤ ᠣᠷᠣᠯᠴᠠᠭᠰᠠᠨ ᠬᠡᠦᠬᠡᠳ ᠦᠳ ᠲᠦ ᠪᠠᠲᠤᠯᠠᠮᠵᠢ ᠭᠠᠷᠳᠠᠭᠤᠯᠤᠯ᠎ᠠ᠃
ᠡᠬᠢ ᠰᠤᠷᠪᠤᠯᠵᠢ ᠄ IKON.MN