ᠮᠣᠩᠭᠣᠯ ᠤᠯᠤᠰ ᠤᠨ ᠰᠠᠶᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ ᠂ ᠽᠠᠨᠳᠠᠨᠰᠢᠲᠠᠷ᠎ᠠ ᠡᠮᠦᠨᠡᠭᠣᠪᠢ ᠠᠶᠢᠮᠠᠭ ᠤᠨ ᠭᠤᠷᠪᠠᠨᠲᠡᠰ ᠰᠤᠮᠤᠨ ᠳᠤ ᠠᠵᠢᠯᠯᠠᠬᠤ ᠦᠶ᠎ᠡ ᠪᠡᠷ ᠢᠶᠡᠨ ᠠᠶᠢᠮᠠᠭ᠂ ᠰᠤᠮᠤᠳ ᠤᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠭᠠᠰᠢᠭᠤᠨᠰᠤᠬᠠᠶᠢᠲᠤ᠂ ᠰᠢᠪᠡᠭᠡᠬᠦ᠋ᠷᠡᠩ ᠪᠣᠭᠣᠮᠲᠠ ᠶᠢᠨ ᠦᠢᠯᠡ ᠠᠵᠢᠯᠯᠠᠭ᠎ᠠ ᠶᠢ ᠦᠷᠭᠡᠳᠭᠡᠬᠦ᠂ ᠨᠡᠪᠲᠡᠷᠡᠭᠦᠯᠬᠦ ᠴᠢᠳᠠᠯ ᠢ ᠨᠡᠮᠡᠭᠳᠡᠭᠦᠯᠬᠦ ᠲᠠᠯ᠎ᠠ ᠪᠠᠷ ᠶᠠᠷᠢᠯᠴᠠᠵᠤ᠂ ᠰᠠᠨᠠᠯ ᠰᠣᠯᠢᠯᠴᠠᠯ᠎ᠠ᠃ ᠮᠥᠨ ᠬᠢᠯᠢ ᠣᠷᠴᠢᠮ ᠤᠨ ᠪᠥᠰᠡ ᠨᠤᠲᠤᠭ ᠤᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠲᠠᠯ᠎ᠠ ᠪᠠᠷ ᠶᠠᠷᠢᠯᠴᠠᠭᠰᠠᠨ ᠶᠤᠮ᠃
ᠰᠢᠪᠡᠭᠡᠬᠦ᠋ᠷᠡᠩ ᠪᠣᠭᠣᠮᠲᠠ ᠪᠠᠷ 17 ᠺᠣᠮᠫᠠᠨᠢ ᠨᠡᠭᠦᠷᠡᠰᠦ ᠲᠡᠭᠡᠭᠡᠪᠦᠷᠢᠯᠡᠯᠲᠡ ᠬᠢᠵᠦ᠂ ᠬᠣᠨᠣᠭ ᠲᠤ 750-800 ᠲᠡᠭᠡᠭᠡᠪᠦᠷᠢ ᠶᠢᠨ ᠬᠡᠷᠡᠭᠰᠡᠯ ᠨᠡᠪᠲᠡᠷᠡᠵᠦ ᠂ 60-80 ᠮᠢᠩᠭᠠᠨ ᠲᠤᠨ ᠨᠡᠭᠦᠷᠡᠰᠦ ᠡᠺᠰᠫᠣᠷᠲᠯᠠᠵᠤ ᠪᠠᠶᠢᠨ᠎ᠠ᠃ ᠡᠨᠡ ᠨᠢ ᠥᠩᠭᠡᠷᠡᠭᠰᠡᠨ ᠣᠨ ᠤ ᠲᠡᠭᠡᠭᠡᠪᠦᠷᠢᠯᠡᠯᠲᠡ ᠡᠴᠡ 3.2 ᠬᠤᠪᠢ ᠥᠰᠦᠭᠰᠡᠨ ᠦᠵᠡᠭᠦᠯᠦᠯᠲᠡ ᠠᠵᠡᠢ᠃
ᠲᠡᠷᠡᠪᠡᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠴᠡᠬᠡ ᠪᠣᠭᠣᠮᠲᠠ ᠶᠢᠨ ᠤᠷᠤᠬᠤ᠂ ᠭᠠᠷᠬᠤ ᠲᠠᠯ᠎ᠠ ᠶᠢᠨ 4 ᠭᠠᠷᠴᠠ ᠪᠠᠷ ᠨᠡᠪᠲᠡᠷᠡᠵᠦ ᠪᠤᠢ ᠨᠡᠭᠦᠷᠡᠰᠦ ᠲᠡᠭᠡᠭᠡᠪᠦᠷᠢᠯᠡᠯᠲᠡ᠂ ᠲᠡᠭᠡᠭᠡᠪᠦᠷᠢ ᠶᠢᠨ ᠬᠡᠷᠡᠭᠰᠡᠯ ᠦᠨ ᠬᠦᠯᠢᠶᠡᠯᠭᠡ ᠶᠢᠨ ᠲᠠᠯᠠᠪᠠᠢ᠂ ᠣᠯᠠᠨ ᠤᠯᠤᠰ ᠤᠨ ᠴᠢᠨᠠᠷ ᠤᠨ ᠬᠢᠨᠠᠯᠲᠠ ᠶᠢᠨ ᠲᠥᠪ᠂ ᠬᠡᠦᠬᠡᠳ ᠦᠨ ᠴᠡᠴᠡᠷᠯᠢᠭ᠂ ᠬᠤᠳᠠᠯᠳᠤᠭᠠᠨ ᠤ ᠵᠠᠬ᠎ᠠ᠂ ᠮᠢᠬ᠎ᠠ ᠪᠣᠯᠪᠠᠰᠤᠷᠠᠭᠤᠯᠬᠤ ᠪᠣᠯᠤᠨ ᠬᠥᠷᠥᠭᠡᠬᠦ ᠦᠢᠯᠡᠳᠪᠦᠷᠢ ᠲᠡᠢ ᠲᠠᠨᠢᠯᠴᠠᠯ᠎ᠠ᠃ ᠡᠨᠡ ᠦᠶ᠎ᠡ ᠪᠡᠷ ᠢᠶᠡᠨ ᠥᠪᠥᠷ ᠮᠣᠩᠭᠣᠯ ᠤᠨ ᠠᠯᠠᠱᠠ ᠠᠶᠢᠮᠠᠭ ᠪᠣᠯᠤᠨ ᠴᠡᠬᠡ ᠪᠣᠭᠣᠮᠲᠠ ᠶᠢᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠪᠣᠭᠣᠮᠲᠠ ᠶᠢᠨ ᠬᠦᠴᠦᠨ ᠴᠢᠳᠠᠯ ᠢ ᠨᠡᠮᠡᠭᠳᠡᠭᠦᠯᠬᠦ ᠲᠠᠯ᠎ᠠ ᠪᠠᠷ ᠶᠠᠷᠢᠯᠴᠠᠯ᠎ᠠ᠃ ᠴᠡᠬᠡ ᠪᠤᠭᠤᠮᠲᠠ ᠳᠤ ᠭᠠᠷᠬᠤ᠂ ᠤᠷᠤᠬᠤ ᠭᠠᠷᠴᠠ ᠶᠢ ᠨᠡᠮᠡᠭᠳᠡᠭᠦᠯᠬᠦ ᠠᠵᠢᠯ ᠢᠳᠡ ᠬᠢᠭᠳᠡᠵᠦ ᠪᠤᠢ ᠪᠥᠭᠡᠳ ᠢᠷᠡᠬᠦ ᠰᠠᠷ᠎ᠠ ᠶᠢᠨ ᠡᠬᠢ ᠪᠡᠷ ᠪᠣᠭᠣᠮᠲᠠ ᠶᠢᠨ ᠬᠦᠴᠦᠨ ᠴᠢᠳᠠᠯ ᠢ ᠨᠡᠮᠡᠭᠳᠡᠬᠦ ᠪᠣᠯᠤᠮᠵᠢ ᠲᠠᠢ ᠪᠣᠯᠤᠨ᠎ᠠ ᠭᠡᠳᠡᠭ ᠢ ᠲᠤᠰ ᠪᠣᠭᠣᠮᠲᠠ ᠶᠢᠨ ᠳᠠᠷᠤᠭ᠎ᠠ ᠲᠡᠮᠳᠡᠭᠯᠡᠵᠦ ᠪᠠᠶᠢᠯ᠎ᠠ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃
ᠡᠬᠢ ᠰᠤᠷᠪᠤᠯᠵᠢ ᠄ IKON.MN