ᠮᠣᠩᠭᠣᠯ ᠪᠦᠲᠦᠭᠡᠭᠳᠡᠬᠦᠨ ᠢ ᠲᠠᠲᠠᠪᠤᠷᠢ ᠦᠭᠡᠢ ᠤᠷᠤᠭᠤᠯᠬᠤ ᠲᠤᠬᠠᠢ ᠬᠡᠯᠡᠯᠴᠡᠵᠦ ᠪᠠᠶᠢᠨ᠎ᠠ | News.MN

ᠮᠣᠩᠭᠣᠯ ᠪᠦᠲᠦᠭᠡᠭᠳᠡᠬᠦᠨ ᠢ ᠲᠠᠲᠠᠪᠤᠷᠢ ᠦᠭᠡᠢ ᠤᠷᠤᠭᠤᠯᠬᠤ ᠲᠤᠬᠠᠢ ᠬᠡᠯᠡᠯᠴᠡᠵᠦ ᠪᠠᠶᠢᠨ᠎ᠠ

ᠮᠣᠩᠭᠣᠯ ᠤᠯᠤᠰ ᠲᠤ ᠠᠯᠪᠠᠨ ᠠᠶᠢᠯᠴᠢᠯᠠᠯ ᠬᠢᠵᠦ ᠪᠠᠶᠢᠭ᠎ᠠ ᠠᠮᠧᠷᠢᠺᠠ ᠶᠢᠨ ᠺᠣᠩᠷᠧᠰᠰ ᠤᠨ ᠲᠥᠯᠥᠭᠡᠯᠡᠭᠴᠢᠳ ᠦᠨ ᠲᠠᠩᠬᠢᠮ ᠤᠨ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠠᠽᠢᠶ᠎ᠠ ᠨᠣᠮᠣᠬᠠᠨ ᠳᠠᠯᠠᠢ ᠶᠢᠨ ᠳᠡᠳ᠋ ᠬᠣᠷᠢᠶᠠᠨ ᠤ ᠳᠠᠷᠤᠭ᠎ᠠ᠂ ᠲᠥᠯᠥᠭᠡᠯᠡᠭᠴᠢᠳ ᠦᠨ ᠲᠠᠩᠬᠢᠮ ᠤᠨ ᠭᠡᠰᠢᠭᠦᠨ ᠲᠡᠳ᠋ ᠶᠤᠾᠤ᠋ ᠪᠣᠯᠤᠨ ᠺᠣᠩᠷᠧᠰᠰ ᠤᠨ ᠲᠥᠯᠥᠭᠡᠯᠡᠭᠴᠢᠳ ᠦᠨ ᠲᠠᠩᠬᠢᠮ ᠤᠨ ᠭᠡᠰᠢᠭᠦᠨ  ᠡᠯᠢᠽᠠᠪᠸᠲ ᠡᠰᠲ᠋ᠢ᠂ ᠲᠤᠮ ᠭᠠᠷᠷᠧᠲ ᠂ ᠪᠦᠪᠧᠨ ᠺᠢᠾᠤᠶ᠋ᠸᠨ ᠨᠠᠷ ᠮᠣᠩᠭᠣᠯ ᠤᠯᠤᠰ ᠤᠨ ᠶᠡᠷᠦᠩᠬᠡᠶᠢᠯᠡᠭᠴᠢ ᠬ ᠂ ᠪᠠᠲᠤᠲᠤᠯᠭ᠎ᠠ ᠳᠤ ᠪᠠᠷᠠᠭᠠᠯᠬᠠᠵᠤ᠂ ᠬᠣᠶᠠᠷ ᠤᠯᠤᠰ ᠤᠨ ᠡᠳ᠋ ᠍ ᠦᠨ ᠵᠠᠰᠠᠭ᠂ ᠪᠠᠲᠤᠯᠠᠨ ᠬᠠᠮᠠᠭᠠᠯᠠᠬᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠪᠣᠯᠤᠭᠠᠳ ᠲᠤᠰ ᠤᠯᠤᠰ ᠤᠨ ᠺᠣᠩᠷᠧᠰᠰ  ᠲᠤ ᠬᠡᠯᠡᠯᠴᠡᠭᠦᠯᠵᠦ ᠪᠤᠢ ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠬᠠᠤᠯᠢ ᠶᠢᠨ ᠠᠰᠠᠭᠤᠳᠠᠯ ᠢᠶᠠᠷ ᠶᠠᠷᠢᠯᠴᠠᠯ᠎ᠠ᠃
ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠬᠠᠤᠯᠢ ᠨᠢ ᠮᠣᠩᠭᠣᠯ ᠤᠨ ᠣᠶᠣᠮᠠᠯ᠂ ᠰᠦᠯᠵᠢᠮᠡᠯ ᠪᠦᠲᠦᠭᠡᠭᠳᠡᠬᠦᠨ ᠢ ᠠᠮᠧᠷᠢᠺᠠ ᠶᠢᠨ ᠵᠠᠬ᠎ᠠ ᠵᠡᠭᠡᠯᠢ ᠳᠦ ᠲᠠᠲᠠᠪᠤᠷᠢ ᠦᠭᠡᠢ ᠡᠺᠰᠫᠣᠷᠲᠯᠠᠬᠤ᠂ ᠮᠣᠩᠭᠣᠯ ᠠᠮᠧᠷᠢᠺᠠ ᠶᠢᠨ ᠬᠣᠭᠣᠷᠣᠨᠳᠣᠬᠢ ᠬᠤᠳᠠᠯᠳᠤᠭ᠎ᠠ ᠨᠡᠮᠡᠭᠳᠡᠬᠦ ᠡᠴᠡ ᠭᠠᠳᠠᠨ᠎ᠠ ᠣᠶᠣᠮᠠᠯ ᠰᠦᠯᠵᠢᠮᠡᠯ ᠪᠦᠲᠦᠭᠡᠭᠳᠡᠬᠦᠨ ᠦ ᠰᠠᠯᠪᠤᠷᠢ ᠳᠤ ᠮᠣᠩᠭᠣᠯ ᠡᠮᠡᠭᠲᠡᠶᠢᠴᠦᠳ ᠦᠨ ᠠᠵᠢᠯ ᠤᠨ ᠪᠠᠶᠢᠷᠢ ᠣᠯᠠᠨ ᠢᠶᠠᠷ ᠨᠡᠮᠡᠭᠳᠡᠬᠦ ᠴᠢᠬᠤᠯᠠ ᠠᠴᠢ ᠬᠣᠯᠪᠣᠭᠳᠠᠯ ᠲᠠᠢ ᠬᠠᠤᠯᠢ ᠶᠢᠨ ᠲᠥᠰᠥᠯ ᠶᠤᠮ᠃ ᠤᠭ ᠬᠠᠤᠯᠢ ᠶᠢᠨ ᠲᠥᠰᠥᠯ ᠮᠣᠩᠭᠣᠯ ᠤᠯᠤᠰ ᠲᠤ ᠬᠡᠴᠢᠨᠡᠨ ᠴᠢᠬᠤᠯᠠ ᠪᠠᠶᠢᠭ᠎ᠠ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠲᠠᠶᠢᠯᠪᠤᠷᠢᠯᠠᠵᠤ᠂ 30-40 ᠮᠢᠩᠭᠠᠨ ᠮᠣᠩᠭᠣᠯ ᠡᠮᠡᠭᠲᠡᠢ ᠠᠵᠢᠯ ᠤᠨ ᠪᠠᠶᠢᠷᠢ ᠲᠠᠢ ᠪᠣᠯᠬᠤ ᠪᠣᠯᠤᠮᠵᠢ ᠲᠠᠢ ᠬᠡᠮᠡᠨ ᠣᠨᠴᠠᠯᠠᠪᠠ᠃ ᠮᠥᠨ ᠮᠢᠩᠭᠠᠨ ᠤ ᠰᠣᠷᠢᠯᠲᠠ ᠶᠢᠨ ᠰᠠᠩ ᠤᠨ ᠬᠤᠶᠠᠳᠠᠬᠢ ᠺᠣᠮᠫᠠᠺᠲ ᠭᠡᠷ᠎ᠡ 350 ᠰᠠᠶ᠎ᠠ ᠳ᠋ᠣᠯᠯᠠᠷ ᠤᠨ  ᠳ᠋ᠦᠩ ᠲᠡᠢ ᠪᠡᠷ ᠭᠠᠷ ᠤᠨ ᠦᠰᠦᠭ ᠵᠢᠷᠤᠭᠳᠠᠵᠤ ᠬᠦᠴᠦᠨ ᠲᠡᠭᠦᠯᠳᠡᠷ ᠪᠣᠯᠤᠭᠰᠠᠨ ᠢ ᠲᠠᠯ᠎ᠠ ᠨᠤᠭᠤᠳ ᠰᠠᠶᠢᠰᠢᠶᠠᠨ ᠲᠡᠮᠳᠡᠭᠯᠡᠭᠰᠡᠨ ᠶᠤᠮ᠃ ᠲᠠᠯ᠎ᠠ ᠨᠤᠭᠤᠳ ᠮᠣᠩᠭᠣᠯ ᠤᠯᠤᠰ ᠲᠤ ᠬᠥᠭᠵᠢᠵᠦ ᠪᠤᠢ ᠠᠷᠠᠳᠴᠢᠯᠠᠯ ᠢ ᠪᠡᠬᠢᠵᠢᠭᠦᠯᠬᠦ᠂ ᠡᠳ᠋ ᠍ ᠦᠨ ᠵᠠᠰᠠᠭ ᠢ ᠲᠥᠷᠦᠯᠵᠢᠭᠦᠯᠬᠦ ᠪᠣᠯᠤᠮᠵᠢ ᠪᠣᠯᠤᠨ ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠶᠢᠨ ᠦᠷ᠎ᠡ ᠳ᠋ᠦᠩ ᠲᠡᠢ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠵᠤ ᠶᠠᠷᠢᠯᠴᠠᠯ᠎ᠠ᠃
ᠡᠬᠢ ᠰᠤᠷᠪᠤᠯᠵᠢ᠄ ᠶᠡᠷᠦᠩᠬᠡᠶᠢᠯᠡᠭᠴᠢ ᠶᠢᠨ  ᠬᠡᠪᠯᠡᠯ ᠮᠡᠳᠡᠭᠡᠯᠡᠯ ᠦᠨ ᠠᠯᠪᠠ

ᠰᠡᠳᠬᠢᠭᠳᠡᠯ ᠦᠯᠡᠳᠡᠭᠡᠬᠦ