ᠣᠶᠤᠲᠠᠨ ᠨᠤᠭᠤᠳ ᠲᠤ ᠬᠣᠲᠠ ᠶᠢᠨ ᠰᠤᠶᠤᠯ ᠤᠨ ᠲᠠᠯ᠎ᠠ ᠪᠠᠷ ᠰᠤᠷᠭᠠᠯᠲᠠ ᠬᠢᠨ᠎ᠡ | News.MN

ᠣᠶᠤᠲᠠᠨ ᠨᠤᠭᠤᠳ ᠲᠤ ᠬᠣᠲᠠ ᠶᠢᠨ ᠰᠤᠶᠤᠯ ᠤᠨ ᠲᠠᠯ᠎ᠠ ᠪᠠᠷ ᠰᠤᠷᠭᠠᠯᠲᠠ ᠬᠢᠨ᠎ᠡ

ᠮᠤᠩᠭᠤᠯ ᠤᠯᠤᠰ ᠤᠨ ᠪᠤᠯᠪᠠᠰᠤᠷᠠᠯ ᠶᠡᠬᠡ ᠰᠤᠷᠭᠠᠭᠤᠯᠢ  ᠶᠢᠨ ᠣᠶᠤᠲᠠᠨ ᠨᠤᠭᠤᠳ ᠲᠤ ᠵᠠᠮ ᠤᠨ ᠬᠥᠳᠡᠯᠭᠡᠭᠡᠨ ᠳᠦ ᠬᠡᠷᠬᠢᠨ ᠤᠷᠤᠯᠴᠠᠬᠤ᠂ ᠬᠤᠲᠠ  ᠳᠤ ᠠᠮᠢᠳᠤᠷᠠᠬᠤ ᠳᠤ ᠮᠥᠷᠳᠡᠬᠦ ᠳᠦᠷᠢᠮ ᠵᠢᠷᠤᠮ ᠢ ᠲᠠᠨᠢᠯᠴᠠᠭᠤᠯᠬᠤ ᠰᠤᠷᠭᠠᠯᠲᠠ ᠶᠢ ᠥᠨᠥᠳᠥᠷ 12.00 ᠴᠠᠭ ᠠᠴᠠ ᠵᠣᠬᠢᠶᠠᠨ ᠪᠠᠶᠢᠭᠤᠯᠬᠤ ᠪᠠᠷ ᠪᠣᠯᠵᠠᠢ᠃ ᠵᠠᠮ ᠤᠨ ᠬᠥᠳᠡᠯᠭᠡᠭᠡᠨ ᠦ ᠤᠳᠤᠷᠢᠳᠤᠯᠭ᠎ᠠ ᠶᠢᠨ ᠲᠥᠪ ᠰᠠᠨᠠᠭᠠᠴᠢᠯᠠᠨ᠂ ᠲᠡᠭᠡᠭᠡᠪᠦᠷᠢ ᠶᠢᠨ ᠴᠠᠭᠳᠠᠭ᠎ᠠ ᠶᠢᠨ ᠠᠯᠪᠠ᠂ ᠨᠡᠶᠢᠰᠯᠡᠯ ᠦᠨ ᠲᠡᠭᠡᠭᠡᠪᠦᠷᠢ ᠶᠢᠨ ᠭᠠᠵᠠᠷ᠂ ᠨᠡᠶᠢᠰᠯᠡᠯ ᠦᠨ ᠬᠡᠦᠬᠡᠳ ᠵᠠᠯᠠᠭᠤᠴᠤᠳ ᠤᠨ ᠭᠠᠵᠠᠷ ᠬᠠᠮᠲᠤᠷᠠᠨ ᠤᠭ ᠰᠤᠷᠭᠠᠯᠲᠠ ᠶᠢ ᠵᠣᠬᠢᠶᠠᠨ ᠪᠠᠶᠢᠭᠤᠯᠵᠤ ᠪᠠᠶᠢᠭ᠎ᠠ ᠠᠵᠠᠢ ᠃ ᠨᠡᠶᠢᠰᠯᠡᠯ ᠬᠤᠲᠠ ᠳᠤ ᠵᠢᠯ ᠪᠦᠷᠢ ᠬᠡᠳᠦᠨ ᠮᠢᠩᠭ᠎ᠠ ᠪᠠᠷ ᠲᠣᠭᠠᠯᠠᠭᠳᠠᠬᠤ ᠣᠶᠤᠲᠠᠨ ᠰᠤᠷᠤᠭᠴᠢᠳ ᠬᠥᠳᠡᠭᠡ ᠣᠷᠣᠨ ᠨᠤᠲᠤᠭ ᠠᠴᠠ ᠢᠷᠡᠳᠡᠭ᠃ ᠲᠡᠳᠡᠨ ᠳᠦ ᠵᠠᠶᠢᠯᠠᠰᠢ ᠦᠭᠡᠢ ᠮᠡᠳᠡᠬᠦ ᠱᠠᠭᠠᠷᠳᠠᠯᠭ᠎ᠠ ᠲᠠᠢ ᠵᠦᠢᠯᠡᠰ ᠢ ᠨᠢ ᠬᠡᠯᠡᠵᠦ᠂ ᠰᠤᠷᠭᠠᠬᠤ ᠨᠢ ᠬᠣᠲᠠ ᠶᠢᠨ ᠠᠮᠢᠳᠤᠷᠠᠯ ᠳᠤ ᠬᠤᠷᠳᠤᠨ ᠵᠣᠬᠢᠴᠠᠬᠤ ᠳᠤ ᠨᠢ ᠨᠡᠮᠡᠷᠢ ᠲᠡᠢ ᠬᠡᠮᠡᠨ ᠤᠭ ᠰᠤᠷᠭᠠᠯᠲᠠ ᠶᠢ ᠵᠣᠬᠢᠶᠠᠨ ᠪᠠᠶᠢᠭᠤᠯᠵᠤ ᠪᠠᠶᠢᠭ᠎ᠠ ᠶᠤᠮ ᠪᠠᠶᠢᠨ᠎ᠠ᠃ ᠰᠤᠷᠭᠠᠯᠲᠠ ᠶᠢ ᠠᠦ᠋ᠲ᠋ᠤᠪᠦ᠋ᠰ ᠳᠣᠲᠣᠷ᠎ᠠ  ᠬᠦᠳᠡᠯᠭᠡᠭᠡᠨᠲᠦ ᠬᠡᠯᠪᠡᠷᠢ ᠪᠡᠷ ᠵᠣᠬᠢᠶᠠᠨ ᠪᠠᠶᠢᠭᠤᠯᠬᠤ ᠪᠥᠭᠡᠳ ᠪᠠᠶᠢᠭᠤᠯᠤᠯᠭ᠎ᠠ ᠪᠦᠷ ᠥᠪᠡᠷᠰᠡᠳ ᠦᠨ ᠲᠠᠨᠢᠯᠴᠠᠭᠤᠯᠭ᠎ᠠ ᠶᠢ ᠬᠢᠵᠦ ᠴᠢᠯᠦᠭᠡᠲᠦ ᠠᠰᠠᠭᠤᠯᠲᠠ᠂ ᠶᠠᠷᠢᠯᠴᠠᠯᠭ᠎ᠠ ᠬᠢᠬᠦ ᠶᠤᠮ᠃
ᠮ ᠂ ᠠᠮᠤᠷᠵᠢᠷᠭᠠᠯ

ᠰᠡᠳᠬᠢᠭᠳᠡᠯ ᠦᠯᠡᠳᠡᠭᠡᠬᠦ