ᠥᠴᠥᠭᠡᠳᠦᠷ ᠥᠷᠯᠥᠭᠡ ᠡᠬᠢᠯᠡᠭᠰᠡᠨ ᠨᠡᠶᠢᠰᠯᠡᠯ ᠦᠨ ᠮᠤᠩᠭᠤᠯ ᠠᠷᠠᠳ ᠤᠨ ᠨᠠᠮ ᠍ ᠤᠨ 34 ᠍ ᠳᠦᠭᠡᠷ ᠪᠠᠭ᠎ᠠ ᠬᠤᠷᠠᠯ ᠥᠨᠥᠳᠥᠷ ᠦᠷ ᠦᠨ 05᠄00 ᠴᠠᠭ ᠬᠦᠷᠲᠡᠯ᠎ᠡ ᠬᠤᠷᠠᠯᠳᠤᠵᠤ ᠤᠳᠤᠷᠢᠳᠤᠯᠭ᠎ᠠ ᠪᠠᠨ ᠰᠣᠩᠭᠣᠭᠰᠠᠨ ᠪᠠᠶᠢᠨ᠎ᠠ᠃ ᠮᠤᠩᠭᠤᠯ ᠠᠷᠠᠳ ᠤᠨ ᠨᠠᠮ ᠍ ᠤᠨ ᠤᠳᠤᠷᠢᠳᠬᠤ ᠵᠥᠪᠯᠡᠯ ᠡᠴᠡ ᠨᠡᠶᠢᠰᠯᠡᠯ ᠦᠨ ᠮᠤᠩᠭᠤᠯ ᠠᠷᠠᠳ ᠤᠨ ᠨᠠᠮ ᠍ ᠤᠨ ᠬᠣᠷᠢᠶᠠᠨ ᠤ ᠳᠠᠷᠤᠭ᠎ᠠ ᠳᠤ ᠨᠡᠶᠢᠰᠯᠡᠯ ᠦᠨ ᠵᠠᠰᠠᠭ ᠳᠠᠷᠤᠭ᠎ᠠ ᠰ∙ᠪᠠᠲᠤᠪᠤᠯᠤᠳ ᠢ ᠳᠡᠪᠰᠢᠭᠦᠯᠬᠦ ᠪᠡᠷ ᠨᠡᠷ᠎ᠡ ᠶᠢ ᠨᠢ ᠣᠷᠣᠭᠤᠯᠤᠭᠰᠠᠨ᠃ ᠬᠠᠷᠢᠨ ᠬᠤᠷᠠᠯ ᠤᠨ ᠲᠠᠯᠠᠪᠠᠢ ᠠᠴᠠ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠰᠠᠶᠢᠳ ᠳ ᠂ ᠰᠤᠮᠢᠶᠠᠪᠠᠽᠠᠷ ᠤᠨ ᠨᠡᠷ᠎ᠡ ᠳᠡᠪᠰᠢᠭᠳᠡᠭᠰᠡᠨ᠃
ᠰᠠᠨᠠᠯ ᠬᠤᠷᠢᠶᠠᠯᠲᠠ ᠳᠤ 349 ᠲᠥᠯᠥᠭᠡᠯᠡᠭᠴᠢ ᠣᠷᠣᠯᠴᠠᠭᠰᠠᠨ ᠠᠴᠠ ᠰ∙ᠪᠠᠲᠤᠪᠤᠯᠤᠳ 164 ᠂ ᠳ ∙ ᠰᠤᠮᠢᠶᠠᠪᠠᠽᠠᠷ 167 ᠰᠠᠨᠠᠯ ᠠᠪᠤᠭᠰᠠᠨ ᠪᠠᠶᠢᠨ᠎ᠠ᠃ ᠢᠩᠭᠢᠭᠰᠡᠨ ᠢᠶᠡᠷ ᠳ ∙ ᠰᠤᠮᠢᠶᠠᠪᠠᠽᠠᠷ 50.4 ᠬᠤᠪᠢ ᠪᠠᠷ ᠢᠯᠠᠯᠲᠠ ᠪᠠᠶᠢᠭᠤᠯᠵᠤ᠂ ᠨᠡᠶᠢᠰᠯᠡᠯ ᠦᠨ ᠮᠤᠩᠭᠤᠯ ᠠᠷᠠᠳ ᠤᠨ ᠬᠣᠷᠢᠶ᠎ᠠ ᠶᠢ ᠤᠳᠤᠷᠢᠳᠬᠤ᠂ ᠴᠢᠨᠠᠭᠰᠢᠯᠠᠭᠠᠳ 2020 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠨᠡᠶᠢᠰᠯᠡᠯ ᠢ ᠤᠳᠤᠷᠢᠳᠴᠤ ᠣᠷᠣᠬᠤ ᠪᠠᠷ ᠪᠣᠯᠵᠠᠢ᠃ ᠬᠠᠷᠢᠨ ᠰ∙ᠪᠠᠲᠤᠪᠤᠯᠤᠳ ᠤᠨ ᠳᠣᠲᠣᠭᠠᠳᠤ ᠰᠣᠩᠭᠣᠭᠤᠯᠢ ᠶᠢᠨ ᠢᠯᠠᠭᠳᠠᠯ ᠢ ︽28 ᠵᠢᠯ ᠦᠨ ᠲᠤᠷᠰᠢ ᠨᠡᠶᠢᠰᠯᠡᠯ ᠳᠦ ᠬᠦᠴᠦᠲᠡᠢ ᠣᠷᠣᠰᠢᠭᠰᠠᠭᠠᠷ ᠢᠷᠡᠭᠰᠡᠨ ᠮᠤᠩᠭᠤᠯ ᠠᠷᠠᠳ ᠤᠨ ᠨᠠᠮ ᠤᠨ ᠬᠣᠲᠠ ᠶᠢᠨ ᠹᠷᠠᠺᠼ ᠠᠩᠬ᠎ᠠ ᠤᠳᠠᠭ᠎ᠠ ᠢᠯᠠᠭᠳᠠᠯ ᠬᠦᠯᠢᠶᠡᠯ᠎ᠡ︾ ᠭᠡᠵᠦ ᠳᠦᠲᠦᠨᠡᠬᠦ ᠬᠤᠷᠠᠯ ᠤᠨ ᠲᠥᠯᠥᠭᠡᠯᠡᠭᠴᠢᠳ ᠪᠠᠶᠢᠭ᠎ᠠ ᠠᠵᠠᠢ ᠃ ᠰᠠᠨᠠᠯ ᠤᠨ ᠬᠠᠭᠤᠳᠠᠰᠤ ᠶᠢ ᠠᠦ᠋ᠲ᠋ᠣᠮᠠᠲ ᠮᠠᠰᠢᠨ ᠢᠶᠠᠷ ᠲᠣᠭᠠᠯᠠᠵᠤ᠂ ᠭᠠᠷ ᠠᠷᠭ᠎ᠠ ᠪᠠᠷ ᠳᠠᠬᠢᠨ ᠳ᠋ᠦᠩ ᠢᠶᠡᠨ ᠨᠢᠭᠡᠳᠬᠡᠭᠰᠡᠨ ᠠᠵᠠᠢ᠃ ᠲᠣᠭᠠᠯᠠᠯᠭ᠎ᠠ ᠶᠢᠨ ᠺᠣᠮᠢᠰ ᠲᠤ ᠠᠵᠢᠯᠯᠠᠭᠰᠠᠨ ᠡᠬᠢ ᠰᠤᠷᠪᠤᠯᠵᠢ ᠶᠢᠨ ᠮᠡᠳᠡᠭᠡᠯᠡᠵᠦ ᠪᠤᠢ ᠪᠠᠷ 18 ᠰᠠᠨᠠᠯ ᠬᠦᠴᠦᠨ ᠦᠭᠡᠢ ᠪᠣᠯᠤᠭᠰᠠᠨ ᠪᠥᠭᠡᠳ ᠡᠭᠦᠨ ᠡᠴᠡ ᠳ ∙ ᠰᠤᠮᠢᠶᠠᠪᠠᠽᠠᠷ 11᠂ ᠰ∙ᠪᠠᠲᠤᠪᠤᠯᠤᠳ 7 ᠰᠠᠨᠠᠯ ᠠᠪᠤᠭᠰᠠᠨ ᠪᠠᠶᠢᠭᠰᠠᠨ ᠠᠵᠢ᠃