《ᠺᠥᠩᠽᠢ ᠶᠢᠨ ᠲᠠᠩᠬᠢᠮ 》 ᠪᠠᠶᠢᠭᠤᠯᠬᠤ ᠰᠠᠨᠠᠯ ᠭᠠᠷᠭᠠᠪᠠ | News.MN

《ᠺᠥᠩᠽᠢ ᠶᠢᠨ ᠲᠠᠩᠬᠢᠮ 》 ᠪᠠᠶᠢᠭᠤᠯᠬᠤ ᠰᠠᠨᠠᠯ ᠭᠠᠷᠭᠠᠪᠠ

ᠮᠣᠩᠭᠣᠯ ᠤᠯᠤᠰ ᠤᠨ ᠶᠡᠬᠡ ᠰᠤᠷᠭᠠᠭᠤᠯᠢ᠂ ᠮᠤᠩᠭᠤᠯ ᠤᠯᠤᠰ ᠤᠨ ᠪᠤᠯᠪᠠᠰᠤᠷᠠᠯ ᠤᠨ ᠶᠡᠬᠡ ᠰᠤᠷᠭᠠᠭᠤᠯᠢ ᠪᠣᠯᠤᠨ ᠬᠣᠪᠳᠣ ᠶᠡᠬᠡ ᠰᠤᠷᠭᠠᠭᠤᠯᠢ ᠶᠢᠨ ᠳᠡᠷᠭᠡᠳᠡ 2015 ᠣᠨ ᠳᠤ ᠪᠠᠶᠢᠭᠤᠯᠤᠭᠳᠠᠭᠰᠠᠨ ︽ᠺᠥᠩᠽᠢ ᠶᠢᠨ ᠢᠨᠰᠲ᠋ᠢᠲ᠋ᠦᠲ︾ ᠬᠡᠮᠡᠬᠦ ᠬᠢᠲᠠᠳ ᠬᠡᠯᠡ ᠰᠤᠶᠤᠯ ᠢ ᠰᠤᠷᠲᠠᠯᠴᠢᠯᠠᠳᠠᠭ ᠪᠠᠶᠢᠭᠤᠯᠤᠯᠭ᠎ᠠ ᠶᠢᠨ ᠲᠥᠯᠥᠭᠡᠯᠡᠭᠴᠢᠳ ᠶᠢᠰᠦᠳᠦᠭᠡᠷ ᠰᠠᠷ᠎ᠠ ᠶᠢᠨ 21 ᠍ ᠳᠦ  ᠤᠪᠰᠤ ᠠᠶᠢᠮᠠᠭ ᠤᠨ ᠵᠠᠰᠠᠭ ᠳᠠᠷᠤᠭ᠎ᠠ ᠶᠢᠨ ᠣᠷᠣᠯᠠᠭᠴᠢ ᠲ ∙ ᠨᠢᠮᠠᠰᠠᠮᠪᠤᠤ ᠲᠠᠢ ᠠᠭᠤᠯᠵᠠᠵᠤ᠂ ᠤᠪᠰᠤ᠂ ᠪᠠᠶᠠᠨ-ᠥᠯᠥᠭᠡᠢ ᠠᠶᠢᠮᠠᠭ ᠲᠤ ᠰᠠᠯᠪᠤᠷᠢ ᠪᠤᠶᠤ ᠠᠯᠢ ᠨᠢᠭᠡ ᠶᠡᠬᠡ ᠳᠡᠭᠡᠳᠦ ᠰᠤᠷᠭᠠᠭᠤᠯᠢ᠂ ᠺᠣᠯᠯᠧᠵᠢ ᠶᠢ ᠲᠦᠰᠢᠭᠯᠡᠭᠡᠳ ︽ᠺᠥᠩᠽᠢ ᠶᠢᠨ ᠲᠠᠩᠬᠢᠮ︾ ᠪᠠᠶᠢᠭᠤᠯᠬᠤ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠪᠡ᠃
《ᠺᠥᠩᠽᠢ ᠶᠢᠨ ᠲᠠᠩᠬᠢᠮ 》 ᠪᠠᠶᠢᠭᠤᠯᠤᠭᠳᠠᠪᠠᠯ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ ᠪᠣᠯᠤᠨ ᠨᠠᠰᠤᠨ ᠳᠤ  ᠬᠦᠷᠦᠭᠴᠢᠳ ᠲᠦ ᠬᠢᠲᠠᠳ ᠬᠡᠯᠡ ᠵᠢᠭᠠᠵᠤ᠂ ᠬᠢᠲᠠᠳ ᠤᠨ ᠰᠤᠶᠤᠯ ᠢ ᠰᠤᠷᠲᠠᠯᠴᠢᠯᠠᠬᠤ ᠠᠵᠠᠢ ᠃ ᠬᠢᠲᠠᠳ ᠬᠡᠯᠡ ᠶᠢ ᠲᠣᠳᠣᠷᠬᠠᠢ ᠲᠦᠪᠰᠢᠨ ᠳᠦ  ᠰᠤᠷᠤᠭᠰᠠᠨ  ᠢᠶᠠᠷ ᠬᠢᠲᠠᠳ ᠤᠨ ᠵᠠᠰᠠᠭ ᠤᠨ ᠭᠠᠵᠠᠷ ᠤᠨ 100  ᠬᠤᠪᠢ ᠶᠢᠨ  ᠲᠡᠳᠭᠦᠭᠡᠯᠭᠡᠲᠦ ᠬᠥᠲᠥᠯᠪᠦᠷᠢ ᠳᠦ ᠬᠠᠮᠤᠷᠤᠭᠳᠠᠵᠤ᠂ ᠤᠯᠠᠮ ᠢᠶᠠᠷ ᠪᠠᠺᠠᠯᠠᠸᠠᠷ᠂ ᠮᠠᠭᠢᠰᠲ᠋ᠷ᠂ ᠳ᠋ᠣᠺᠲ᠋ᠣᠷ ᠤᠨ ᠵᠡᠷᠭᠡ ᠬᠠᠮᠠᠭᠠᠯᠠᠬᠤ ᠪᠣᠯᠤᠮᠵᠢ ᠪᠥᠷᠢᠳᠬᠦ ᠶᠤᠮ ᠃ 《ᠺᠥᠩᠽᠢ ᠶᠢᠨ ᠲᠠᠩᠬᠢᠮ 》᠍ ᠳᠦ ᠰᠠᠶᠢᠨ ᠳᠤᠷ᠎ᠠ ᠶᠢᠨ ᠪᠠᠭᠰᠢ ᠨᠠᠷ ᠢᠷᠡᠵᠦ ᠬᠢᠴᠢᠶᠡᠯ ᠵᠢᠭᠠᠬᠤ ᠪᠥᠭᠡᠳ ᠥᠷᠥᠭᠡ ᠪᠠᠶᠢᠷᠢ ᠲᠣᠬᠢᠵᠢᠭᠤᠯᠬᠤ᠂ ᠲᠣᠨᠣᠭ ᠲᠥᠬᠥᠭᠡᠷᠦᠮᠵᠢ᠂ ᠰᠤᠷᠭᠠᠯᠲᠠ ᠶᠢᠨ ᠬᠡᠷᠡᠭᠯᠡᠭᠳᠡᠬᠦᠨ ᠪᠡᠯᠡᠳᠬᠡᠬᠦ ᠵᠡᠷᠭᠡ ᠶᠢ ᠬᠢᠲᠠᠳ ᠤᠨ ᠵᠠᠰᠠᠭ ᠤᠨ ᠭᠠᠵᠠᠷ ᠠᠴᠠ ᠰᠠᠩᠬᠦᠵᠢᠭᠦᠯᠬᠦ ᠠᠵᠠᠢ ᠃ ᠣᠳᠣ ᠪᠠᠷ ᠤᠪᠰᠤ ᠠᠶᠢᠮᠠᠭ ᠤᠨ ᠪᠣᠯᠪᠠᠰᠤᠷᠠᠯ ᠰᠤᠶᠤᠯ ᠤᠷᠠᠯᠢᠭ ᠤᠨ ᠭᠠᠵᠠᠷ ᠲᠤ 《ᠣᠷᠣᠰ ᠬᠡᠯᠡᠨ ᠦ ᠲᠥᠪ 》᠂ ᠲᠥᠪ ᠨᠣᠮ ᠤᠨ ᠰᠠᠩ ᠳᠤ ︽ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ︾ ᠲᠤᠰ ᠲᠤᠰ ᠨᠡᠭᠡᠭᠡᠭᠳᠡᠵᠦ ᠣᠷᠣᠰ᠂ ᠠᠩᠭᠯᠢ ᠬᠡᠯᠡ ᠶᠢ ᠢᠷᠭᠡᠳ᠂ ᠬᠡᠦᠬᠡᠳ ᠵᠠᠯᠠᠭᠤᠴᠤᠳ ᠲᠤ ᠦᠨ᠎ᠡ ᠲᠥᠯᠦᠪᠦᠷᠢ ᠦᠭᠡᠢ ᠪᠡᠷ ᠵᠢᠭᠠᠵᠤ᠂ ᠲᠤᠬᠠᠢ ᠶᠢᠨ ᠣᠷᠣᠨ ᠤ ᠰᠤᠶᠤᠯ ᠢ ᠰᠤᠷᠲᠠᠯᠴᠢᠯᠠᠵᠤ ᠪᠠᠶᠢᠨ᠎ᠠ᠃
ᠪ ∙ ᠪᠠᠲᠤᠬᠦᠦ

ᠰᠡᠳᠬᠢᠭᠳᠡᠯ ᠦᠯᠡᠳᠡᠭᠡᠬᠦ