ᠤ᠊∙ᠬᠦᠷᠡᠯᠰᠦ᠋ᠬᠡ ᠺ∙ᠯᠠᠭᠠᠷᠳ᠋ ᠲᠠᠢ ᠠᠭᠤᠯᠵᠠᠪᠠ | News.MN

ᠤ᠊∙ᠬᠦᠷᠡᠯᠰᠦ᠋ᠬᠡ ᠺ∙ᠯᠠᠭᠠᠷᠳ᠋ ᠲᠠᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ 2018 ᠣᠨ ᠤ ᠶᠢᠰᠦᠳᠦᠭᠡᠷ ᠰᠠᠷ᠎ᠠ ᠶᠢᠨ 20 ᠍ ᠤ ᠡᠳᠦᠷ ᠣᠯᠠᠨ ᠤᠯᠤᠰ ᠤᠨ ᠸᠠᠯᠢᠶᠤᠲ ᠤᠨ ᠰᠠᠩ ᠤᠨ ᠲᠡᠷᠢᠭᠦᠨ ᠬᠠᠲᠤᠭᠲᠠᠢ ᠺ∙ᠯᠠᠭᠠᠷᠳ᠋ ᠍ ᠲᠠᠢ ᠠᠭᠤᠯᠵᠠᠵᠤ᠂ ᠲᠤᠰ ᠰᠠᠩ ᠤᠨ︽ᠥᠷᠭᠡᠳᠬᠡᠭᠰᠡᠨ ᠰᠠᠩᠬᠦᠦᠵᠢᠯᠲᠡ ᠶᠢᠨ ᠬᠥᠲᠥᠯᠪᠦᠷᠢ︾ ᠶᠢᠨ ᠦᠷ᠎ᠡ ᠳ᠋ᠦᠩ ᠂ ᠴᠢᠨᠠᠭᠰᠢᠳᠠ ᠠᠪᠬᠤ ᠠᠷᠭ᠎ᠠ ᠬᠡᠮᠵᠢᠶᠡᠨ ᠦ ᠲᠠᠯ᠎ᠠ ᠪᠠᠷ ᠳᠡᠯᠭᠡᠷᠡᠩᠭᠦᠢ ᠶᠠᠷᠢᠯᠴᠠᠪᠠ᠃ ᠤ᠊∙ᠬᠦᠷᠡᠯᠰᠦ᠋ᠬᠡ ᠮᠣᠩᠭᠣᠯ ᠤᠯᠤᠰ ᠢ ᠳᠡᠮᠵᠢᠵᠦ᠂ ᠵᠠᠰᠠᠭ ᠤᠨ ᠭᠠᠵᠠᠷ ᠠᠴᠠ ᠠᠪᠴᠤ ᠬᠡᠷᠡᠭᠵᠢᠭᠦᠯᠵᠦ ᠪᠤᠢ ᠪᠣᠳᠣᠯᠭ᠎ᠠ᠂ ᠨᠥᠬᠥᠴᠡᠯ ᠪᠠᠶᠢᠳᠠᠯ ᠢ ᠣᠶᠢᠯᠠᠭᠠᠵᠤ ᠳᠡᠮᠵᠢᠵᠦ ᠪᠠᠶᠢᠳᠠᠭ ᠲᠤ ᠣᠯᠠᠨ ᠤᠯᠤᠰ ᠤᠨ ᠸᠠᠯᠢᠶᠤᠲ ᠤᠨ ᠲᠡᠷᠢᠭᠦᠨ ᠪᠣᠯᠤᠨ ᠨᠡᠶᠢᠲᠡ ᠬᠠᠮᠲᠤ  ᠤᠯᠠᠨ ᠳᠤ ᠲᠠᠯᠠᠷᠬᠠᠯ ᠢᠯᠡᠷᠬᠡᠶᠢᠯᠡᠪᠡ᠃ ᠺ∙ᠯᠠᠭᠠᠷᠳ᠋ ︽ᠥᠷᠭᠡᠳᠬᠡᠭᠰᠡᠨ ᠰᠠᠩᠬᠦᠦᠵᠢᠯᠲᠡ ᠶᠢᠨ ᠬᠥᠲᠥᠯᠪᠦᠷᠢ︾ ᠪᠠᠲᠤᠯᠠᠭᠳᠠᠭᠰᠠᠨ ᠠᠴᠠ ᠬᠣᠶᠢᠰᠢ ᠬᠡᠷᠡᠭᠵᠢᠯᠲᠡ ᠰᠠᠶᠢᠨ ᠪᠠᠶᠢᠭ᠎ᠠ ᠶᠢ ᠣᠨᠴᠠᠯᠠᠭᠠᠳ ᠪᠣᠳᠣᠯᠭ᠎ᠠ ᠶᠢᠨ ᠬᠡᠷᠡᠭᠵᠢᠯᠲᠡ ᠲᠤᠤᠱᠲᠠᠢ᠂ ᠵᠣᠷᠢᠯᠲᠠᠲᠤ ᠲᠣᠭᠠᠨ ᠰᠢᠯᠭᠠᠭᠤᠷ ᠦᠵᠡᠭᠦᠯᠦᠯᠲᠡ ᠨᠦᠭᠦᠳ ᠬᠠᠩᠭᠠᠭᠳᠠᠭᠰᠠᠨ᠂ ᠲᠥᠰᠥᠪ ᠦᠨ ᠲᠣᠭᠲᠠᠪᠤᠷᠢᠲᠠᠢ ᠪᠠᠶᠢᠳᠠᠯ᠂ ᠦᠷᠢ ᠶᠢᠨ ᠬᠡᠮᠵᠢᠶ᠎ᠡ ᠪᠠᠭᠤᠷᠠᠬᠤ᠂ ᠵᠢᠭᠡᠯᠡᠵᠢᠬᠦ ᠵᠡᠷᠭᠡᠯᠡᠯ ᠰᠠᠶᠢᠵᠢᠷᠠᠬᠤ ᠳᠤ ᠳᠣᠷᠪᠢᠲᠠᠢ ᠠᠬᠢᠴᠠ ᠭᠠᠷᠤᠭᠰᠠᠨ ᠳᠤ ᠪᠠᠶᠠᠷᠲᠠᠢ ᠪᠠᠶᠢᠭ᠎ᠠ ᠪᠠᠨ ᠢᠯᠡᠷᠬᠡᠶᠢᠯᠡᠪᠡ᠃
ᠬᠥᠲᠥᠯᠪᠦᠷᠢ ᠶᠢᠨ ᠦᠷ᠎ᠡ ᠳ᠋ᠦᠩ ᠳᠦ ᠮᠣᠩᠭᠣᠯ ᠤᠨ ᠡᠳ᠋ ᠍ ᠦᠨ ᠵᠠᠰᠠᠭ ᠤᠨ ᠥᠰᠦᠯᠲᠡ 2016 ᠣᠨ ᠳᠤ 1.2 ᠬᠤᠪᠢ ᠪᠠᠶᠢᠭᠰᠠᠨ ᠪᠣᠯ 2018 ᠣᠨ ᠤ ᠡᠬᠢᠨ ᠦ ᠬᠠᠭᠠᠰ ᠵᠢᠯ ᠦᠨ  ᠪᠠᠶᠢᠳᠠᠯ ᠢᠶᠠᠷ 6.3 ᠬᠤᠪᠢ᠂ ᠴᠢᠨᠠᠭᠰᠢᠯᠠᠭᠠᠳ 2019 ᠣᠨ ᠳᠤ 8 ᠣᠷᠴᠢᠮ ᠬᠤᠪᠢ ᠪᠠᠷ ᠥᠰᠬᠦ ᠪᠡᠷ ᠲᠥᠯᠥᠪᠯᠡᠵᠦ ᠪᠠᠶᠢᠨ᠎ᠠ᠃ ᠲᠡᠭᠦᠨᠴᠢᠯᠡᠨ ᠲᠥᠰᠥᠪ ᠦᠨ ᠨᠢᠭᠡᠳᠦᠮᠡᠯ ᠪᠠᠶᠢᠳᠠᠯ᠂ ᠰᠠᠬᠢᠯᠭ᠎ᠠ ᠪᠠᠲᠤ ᠶᠢ ᠰᠠᠶᠢᠵᠢᠷᠠᠭᠤᠯᠤᠭᠰᠠᠨ ᠢᠶᠠᠷ ᠪᠠᠶᠢᠩᠭᠤ ᠶᠢᠨ ᠠᠯᠳᠠᠭᠳᠠᠯ ᠲᠠᠢ ᠶᠠᠪᠤᠵᠤ ᠢᠷᠡᠭᠰᠡᠨ ᠲᠥᠰᠥᠪ ᠦᠨ ᠦᠵᠡᠭᠦᠯᠦᠯᠲᠡ ᠡᠷᠡᠰ ᠰᠠᠶᠢᠵᠢᠷᠠᠵᠤ᠂ ᠲᠥᠰᠥᠪ ᠦᠨ ᠦᠨᠳᠦᠰᠦᠨ ᠲᠡᠩᠴᠡᠯ 2018 ᠣᠨ ᠳᠤ ᠠᠩᠬ᠎ᠠ ᠤᠳᠠᠭ᠎ᠠ ᠠᠰᠢᠭᠲᠠᠢ ᠭᠠᠷᠴᠤ᠂ ᠤᠯᠠᠮ ᠢᠶᠠᠷ 2019 ᠣᠨ ᠳᠤ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ 1 ᠬᠤᠪᠢ ᠲᠠᠢ ᠲᠡᠩᠴᠡᠬᠦ ᠠᠰᠢᠭᠲᠠᠢ ᠭᠠᠷᠬᠤ ᠪᠠᠷ ᠲᠣᠭᠠᠴᠠᠵᠤ ᠪᠠᠶᠢᠨ᠎ᠠ᠃ ᠺ∙ᠯᠠᠭᠠᠷᠳ᠋ ᠢᠨᠹᠯᠢᠶᠠᠼ ᠤᠨ ᠲᠦᠪᠰᠢᠨ ᠵᠣᠷᠢᠯᠲᠠᠲᠤ ᠲᠦᠪᠰᠢᠨ ᠳᠦ ᠬᠠᠳᠠᠭᠠᠯᠠᠭᠳᠠᠨ᠂ ᠭᠠᠳᠠᠭᠠᠳᠤ  ᠸᠠᠯᠢᠶᠤᠲ ᠤᠨ ᠨᠥᠭᠡᠴᠡ ᠴᠢᠮᠠᠯᠠᠯᠲᠠ ᠦᠭᠡᠢ ᠪᠡᠷ ᠦᠰᠴᠦ᠂ ᠪᠠᠩᠬᠢᠨ ᠤ ᠰᠠᠯᠪᠤᠷᠢ ᠶᠢ ᠡᠷᠡᠭᠦᠯᠵᠢᠭᠦᠯᠬᠦ᠂ ᠬᠠᠤᠯᠢ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ ᠵᠡᠷᠭᠡ ᠠᠵᠢᠯ ᠤᠳ ᠬᠢᠭᠳᠡᠨ ᠡᠬᠢᠨ ᠦ ᠦᠷ᠎ᠡ  ᠳ᠋ᠦᠩ ᠢᠶᠡᠨ ᠥᠭᠴᠦ ᠡᠬᠢᠯᠡᠭᠰᠡᠨ ᠢ ᠣᠨᠴᠠᠯᠠᠨ ᠲᠡᠮᠳᠡᠭᠯᠡᠪᠡ᠃
ᠬᠥᠷᠥᠩᠭᠡ ᠣᠷᠣᠭᠤᠯᠤᠯᠲᠠ ᠶᠢᠨ ᠲᠠᠭᠠᠲᠠᠢ ᠣᠷᠴᠢᠨ ᠢ ᠪᠦᠷᠢᠳᠦᠭᠦᠯᠬᠦ᠂ ᠲᠥᠰᠥᠪ ᠦᠨ ᠠᠯᠳᠠᠭᠳᠠᠯ ᠢ ᠪᠠᠭᠤᠷᠠᠭᠤᠯᠬᠤ᠂ ᠭᠠᠳᠠᠭᠠᠳᠤ  ᠸᠠᠯᠢᠶᠤᠲ ᠤᠨ ᠨᠥᠭᠡᠴᠡ ᠶᠢ ᠦᠷᠭᠦᠯᠵᠢᠯᠡᠭᠦᠯᠦᠨ ᠨᠡᠮᠡᠭᠳᠡᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠪᠠᠶᠢᠭ᠎ᠠ ᠶᠢ ᠠᠩᠬᠠᠷᠤᠭᠤᠯᠵᠤ᠂  ᠡᠭᠦᠰᠴᠦ ᠪᠣᠯᠵᠣᠰᠢ ᠦᠭᠡᠢ ᠱᠣᠺ ᠤᠨ ᠡᠰᠡᠷᠭᠦ ᠠᠷᠭ᠎ᠠ ᠬᠡᠮᠵᠢᠶ᠎ᠡ ᠪᠣᠯᠪᠠᠰᠤᠷᠠᠭᠤᠯᠬᠤ ᠨᠢ ᠵᠦᠢᠲᠡᠢ ᠭᠡᠳᠡᠭ ᠢ  ᠬᠠᠲᠤᠭᠲᠠᠢ ᠲᠡᠮᠳᠡᠭᠯᠡᠪᠡ᠃ ᠴᠢᠨᠠᠭᠰᠢᠳᠠ ᠮᠣᠩᠭᠣᠯ ᠤᠯᠤᠰ ᠤᠨ ᠵᠠᠰᠠᠭ ᠤᠨ ᠭᠠᠵᠠᠷ᠂ ᠣᠯᠠᠨ ᠤᠯᠤᠰ ᠤᠨ ᠸᠠᠯᠢᠶᠤᠲ ᠤᠨ ᠰᠠᠩ ᠲᠠᠢ ᠬᠠᠮᠲᠤᠷᠠᠨ ᠬᠡᠷᠡᠭᠵᠢᠭᠦᠯᠵᠦ ᠪᠠᠶᠢᠭ᠎ᠠ ︽ᠥᠷᠭᠡᠳᠬᠡᠭᠰᠡᠨ ᠰᠠᠩᠬᠦᠦᠵᠢᠯᠲᠡ  ᠶᠢᠨ ᠬᠥᠲᠥᠯᠪᠦᠷᠢ︾ ᠶᠢ ᠤᠯᠠᠮ ᠦᠷ᠎ᠡ  ᠳ᠋ᠦᠩ ᠲᠡᠢ ᠬᠡᠷᠡᠭᠵᠢᠭᠦᠯᠵᠦ ᠡᠳ᠋ ᠍ ᠦᠨ ᠵᠠᠰᠠᠭ ᠤᠨ ᠥᠰᠦᠯᠲᠡ ᠶᠢ ᠲᠣᠭᠲᠠᠪᠤᠷᠢᠵᠢᠭᠤᠯᠬᠤ᠂ ᠬᠦᠷᠲᠡᠭᠡᠮᠵᠢ ᠶᠢ ᠤᠯᠠᠮ ᠪᠦᠷ ᠨᠡᠮᠡᠭᠳᠡᠭᠦᠯᠬᠦ ᠳᠦ ᠠᠩᠬᠠᠷᠴᠤ ᠠᠵᠢᠯᠯᠠᠬᠤ ᠪᠠᠨ ᠶᠡᠷᠦᠩᠬᠡᠢ ᠰᠠᠶᠢᠳ ᠮᠡᠳᠡᠭᠳᠡᠯ᠎ᠡ᠃
  

ᠰᠡᠳᠬᠢᠭᠳᠡᠯ ᠦᠯᠡᠳᠡᠭᠡᠬᠦ