ᠰᠠᠶᠢᠳ ᠳ∙ᠰᠤᠮᠢᠶᠠᠪᠠᠽᠠᠷ ᠣᠷᠣᠰ ᠲᠤ ᠠᠶᠢᠯᠴᠢᠯᠠᠵᠤ ᠪᠠᠶᠢᠨ᠎ᠠ | News.MN

ᠰᠠᠶᠢᠳ ᠳ∙ᠰᠤᠮᠢᠶᠠᠪᠠᠽᠠᠷ ᠣᠷᠣᠰ ᠲᠤ ᠠᠶᠢᠯᠴᠢᠯᠠᠵᠤ ᠪᠠᠶᠢᠨ᠎ᠠ

ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠰᠠᠶᠢᠳ ᠳ∙ᠰᠤᠮᠢᠶᠠᠪᠠᠽᠠᠷ ᠲᠡᠷᠢᠭᠦᠲᠡᠢ ᠲᠥᠯᠥᠭᠡᠯᠡᠭᠴᠢᠳ ᠮᠣᠰᠺᠸᠠ ᠬᠤᠲᠠ ᠳᠤ ᠠᠵᠢᠯᠯᠠᠵᠤ ᠪᠠᠶᠢᠨ᠎ᠠ᠃ ᠡᠨᠡ ᠰᠠᠷ᠎ᠠ ᠶᠢᠨ 11 ᠍- 13 ᠍ ᠤ ᠡᠳᠦᠷ ᠦᠳ ᠲᠦ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠤᠺ ᠬᠤᠲᠠ ᠳᠤ ᠵᠣᠬᠢᠶᠠᠨ ᠪᠠᠶᠢᠭᠤᠯᠤᠭᠳᠠᠭᠰᠠᠨ ᠳᠣᠷᠣᠨ᠎ᠠ ᠶᠢᠨ ᠡᠳ᠋ ᠍ ᠦᠨ ᠵᠠᠰᠠᠭ ᠤᠨ ᠳᠦᠷᠪᠡᠳᠦᠭᠡᠷ ᠠᠭᠤᠯᠵᠠᠯᠲᠠ ᠳᠤ ᠶᠡᠷᠦᠩᠬᠡᠶᠢᠯᠡᠭᠴᠢ ᠬ∙ᠪᠠᠲᠤᠲᠤᠯᠭ᠎ᠠ ᠣᠷᠣᠯᠴᠠᠵᠤ᠂ ᠬᠡᠢ ᠶᠢᠨ ᠬᠣᠭᠣᠯᠠᠢ ᠶᠢ ᠮᠣᠩᠭᠣᠯ ᠤᠯᠤᠰ ᠤᠨ ᠨᠤᠲᠤᠭ ᠳᠡᠪᠢᠰᠬᠡᠷ ᠢᠶᠡᠷ ᠳᠠᠮᠵᠢᠭᠤᠯᠬᠤ᠂ ᠲᠡᠮᠦᠷ ᠵᠠᠮ ᠤᠨ ᠰᠢᠨᠡᠴᠢᠯᠡᠯ᠂ ᠬᠥᠳᠡᠭᠡ ᠠᠵᠤ ᠠᠬᠤᠢ ᠶᠢᠨ ᠬᠠᠮᠲᠤ ᠶᠢᠨ ᠠᠵᠢᠯᠯᠠᠭ᠎ᠠ ᠵᠡᠷᠭᠡ ᠣᠯᠠᠨ ᠴᠢᠬᠤᠯᠠ ᠠᠰᠠᠭᠤᠳᠠᠯ ᠢ ᠬᠥᠷᠰᠢ ᠣᠷᠣᠨ ᠨᠤᠭᠤᠳ ᠤᠨ ᠲᠥᠷᠥ ᠶᠢᠨ ᠲᠡᠷᠢᠭᠦᠨ ᠨᠦᠭᠦᠳ ᠲᠡᠢ ᠬᠡᠯᠡᠯᠴᠡᠭᠰᠡᠨ ᠪᠢᠯᠡ᠃
ᠮᠥᠨ ᠡᠨᠡ ᠦᠶ᠎ᠡ ᠪᠡᠷ ᠮᠣᠩᠭᠣᠯ ᠤᠨ ᠲᠥᠯᠥᠭᠡᠯᠡᠭᠴᠢᠳ ᠣᠷᠣᠰ ᠦᠨ ᠬᠣᠯᠪᠣᠭᠠᠨ ᠤ ᠠᠵᠤ ᠦᠢᠯᠡᠳᠪᠦᠷᠢ ᠬᠤᠳᠠᠯᠳᠤᠭᠠᠨ ᠤ ᠰᠠᠶᠢᠳ᠂ ᠪᠠᠶᠢᠭᠠᠯ ᠤᠨ ᠨᠥᠭᠡᠴᠡ᠂ ᠡᠺᠤᠯᠤᠭᠢ ᠶᠢᠨ ᠰᠠᠶᠢᠳ᠂ ︽ᠷᠣᠰᠣᠨᠧᠹᠲ︾ ᠺᠣᠮᠫᠠᠨᠢ ᠶᠢᠨ ᠶᠡᠷᠦᠩᠬᠡᠢ ᠵᠠᠬᠢᠷᠤᠯ ᠪᠣᠯᠤᠨ ᠪᠤᠰᠤᠳ ᠲᠥᠯᠥᠭᠡᠯᠡᠭᠴᠢᠳ ᠲᠡᠢ ᠠᠭᠤᠯᠵᠠᠵᠤ᠂ ᠭᠧᠣᠯᠣᠭᠢ ᠠᠭᠤᠯᠠ ᠠᠭᠤᠷᠬᠠᠢ᠂ ᠭᠠᠵᠠᠷ ᠤᠨ ᠲᠣᠰᠤᠨ ᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠪᠠᠨ ᠴᠢᠨᠠᠭᠰᠢᠳᠠ ᠥᠷᠭᠡᠵᠢᠭᠦᠯᠬᠦ ᠲᠠᠯ᠎ᠠ ᠪᠠᠷ ᠰᠠᠨᠠᠯ ᠰᠣᠯᠢᠯᠴᠠᠭᠰᠠᠨ᠃ ᠳᠡᠭᠡᠷᠡᠬᠢ ᠠᠭᠤᠯᠵᠠᠯᠲᠠ ᠨᠤᠭᠤᠳ ᠤᠨ ᠦᠶ᠎ᠡ ᠪᠡᠷ ᠬᠣᠶᠠᠷ ᠲᠠᠯ᠎ᠠ ᠠᠴᠠ ᠶᠠᠷᠢᠭᠳᠠᠭᠰᠠᠨ ᠵᠠᠷᠢᠮ ᠰᠠᠨᠠᠯ ᠤᠳ ᠢ ᠨᠠᠷᠢᠪᠴᠢᠯᠠᠨ ᠶᠠᠷᠢᠯᠴᠠᠬᠤ᠂ ᠪᠣᠳᠠᠲᠤ ᠠᠵᠢᠯ ᠬᠡᠷᠡᠭ ᠪᠣᠯᠭᠠᠬᠤ ᠳᠤ ᠴᠢᠭᠯᠡᠭᠰᠡᠨ ᠠᠵᠢᠯ ᠤᠳ ᠢ ᠲᠥᠯᠥᠪᠯᠡᠬᠦ᠂ ᠭᠠᠵᠠᠷ ᠤᠨ ᠲᠣᠰᠤᠨ ᠤ ᠪᠦᠲᠦᠭᠡᠭᠳᠡᠬᠦᠨ ᠦ ᠬᠠᠩᠭᠠᠨ ᠨᠡᠶᠢᠯᠡᠭᠦᠯᠦᠯᠲᠡ ᠶᠢᠨ ᠠᠰᠠᠭᠤᠳᠠᠯ ᠢ ᠬᠡᠯᠡᠯᠴᠡᠬᠦ ᠳᠦ ᠳ∙ᠰᠤᠮᠢᠶᠠᠪᠠᠽᠠᠷ ᠤᠨ ᠡᠨᠡ ᠤᠳᠠᠭ᠎ᠠ ᠶᠢᠨ ᠠᠵᠢᠯ ᠤᠨ ᠠᠶᠢᠯᠴᠢᠯᠠᠯ ᠤᠨ ᠵᠣᠷᠢᠯᠭ᠎ᠠ ᠣᠷᠣᠰᠢᠵᠤ ᠪᠠᠶᠢᠭ᠎ᠠ ᠠᠵᠠᠢ ᠃
  

ᠰᠡᠳᠬᠢᠭᠳᠡᠯ ᠦᠯᠡᠳᠡᠭᠡᠬᠦ