ᠬᠣᠪᠳᠣ ᠠᠶᠢᠮᠠᠭ ᠤᠨ ᠵᠠᠰᠠᠭ ᠳᠠᠷᠤᠭ᠎ᠠ ᠪᠠᠷ ᠪ∙ᠳᠦᠭᠦᠷᠵᠠᠪ ᠢ ᠲᠣᠮᠢᠯᠠᠵᠠᠢ | News.MN

ᠬᠣᠪᠳᠣ ᠠᠶᠢᠮᠠᠭ ᠤᠨ ᠵᠠᠰᠠᠭ ᠳᠠᠷᠤᠭ᠎ᠠ ᠪᠠᠷ ᠪ∙ᠳᠦᠭᠦᠷᠵᠠᠪ ᠢ ᠲᠣᠮᠢᠯᠠᠵᠠᠢ

ᠬᠣᠪᠳᠣ ᠠᠶᠢᠮᠠᠭ ᠤᠨ ᠵᠠᠰᠠᠭ ᠳᠠᠷᠤᠭ᠎ᠠ ᠳ∙ᠭᠠᠯᠰᠠᠩᠳᠣᠨᠳᠣᠭ ᠥᠭᠡᠷ᠎ᠡ ᠠᠵᠢᠯ ᠳᠤ ᠲᠣᠮᠢᠯᠠᠭᠳᠠᠭᠰᠠᠨ ᠲᠠᠢ ᠬᠣᠯᠪᠣᠭᠳᠠᠭᠤᠯᠤᠨ᠂ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠠᠴᠠ ᠲᠡᠭᠦᠨ ᠢ ᠡᠭᠦᠷᠭᠡᠲᠦ ᠠᠵᠢᠯ ᠠᠴᠠ ᠨᠢ ᠴᠢᠯᠦᠭᠡᠯᠡᠵᠦ᠂ ᠪ∙ᠳᠦᠭᠦᠷᠵᠠᠪ ᠢ ᠵᠠᠰᠠᠭ ᠳᠠᠷᠤᠭ᠎ᠠ ᠪᠠᠷ ᠲᠣᠮᠢᠯᠠᠭᠤᠯᠬᠤ ᠰᠠᠨᠠᠯ ᠢ ᠮᠣᠩᠭᠣᠯ ᠤᠯᠤᠰ ᠤᠨ ᠶᠡᠷᠦᠩᠬᠡᠢ ᠰᠠᠶᠢᠳ ᠲᠤ ᠡᠷᠭᠦᠨ ᠮᠡᠳᠡᠭᠦᠯᠦᠭᠡᠳ ᠪᠠᠶᠢᠭᠰᠠᠨ᠃ ᠶᠡᠷᠦᠩᠬᠡᠢ ᠰᠠᠶᠢᠳ ᠤ᠊∙ᠬᠦᠷᠡᠯᠰᠦ᠋ᠬᠡ ᠵᠠᠬᠢᠷᠤᠮᠵᠢ  ᠭᠠᠷᠭᠠᠭᠰᠠᠨ ᠤ ᠳᠠᠭᠠᠤ ᠪ∙ ᠳᠦᠭᠦᠷᠵᠠᠪ ᠥᠩᠭᠡᠷᠡᠭᠰᠡᠨ ᠳᠣᠯᠣᠭ᠎ᠠ ᠬᠣᠨᠣᠭ ᠤᠨ ᠪᠠᠰᠠᠩ ᠭᠠᠷᠠᠭ ᠲᠤ ᠠᠵᠢᠯ ᠢᠶᠠᠨ ᠬᠦᠯᠢᠶᠡᠨ ᠠᠪᠤᠭᠰᠠᠨ ᠪᠠᠶᠢᠨ᠎ᠠ᠃ ᠪ∙ᠳᠦᠭᠦᠷᠵᠠᠪ ᠨᠢ ᠠᠶᠢᠮᠠᠭ ᠤᠨ ᠪᠣᠯᠪᠠᠰᠤᠷᠠᠯ ᠰᠤᠶᠤᠯ ᠤᠨ ᠭᠠᠵᠠᠷ ᠤᠨ ᠳᠠᠷᠤᠭ᠎ᠠ ᠮᠥᠨ  ᠬᠤᠪᠢ ᠶᠢᠨ ᠬᠡᠪᠰᠢᠯ ᠳᠦ ᠪᠠᠷᠢᠯᠭ᠎ᠠ ᠶᠢᠨ ᠺᠣᠮᠫᠠᠨᠢ ᠶᠢᠨ ᠵᠠᠬᠢᠷᠤᠯ ᠤᠨ ᠠᠯᠪᠠ ᠲᠤᠰ ᠲᠤᠰ ᠬᠠᠰᠢᠵᠤ ᠪᠠᠶᠢᠭᠰᠠᠨ  ᠠᠵᠠᠢ᠃
ᠠᠶᠢᠮᠠᠭ ᠤᠨ ᠵᠠᠰᠠᠭ ᠳᠠᠷᠤᠭ᠎ᠠ ᠶᠢᠨ ᠣᠷᠣᠯᠠᠭᠴᠢ ᠱ∙ᠪᠠᠲᠤᠰᠦ᠋ᠬᠡ ᠪ∙ ᠳᠦᠭᠦᠷᠵᠠᠪ ᠲᠤ ᠠᠶᠢᠮᠠᠭ ᠤᠨ ᠵᠠᠰᠠᠭ ᠳᠠᠷᠤᠭ᠎ᠠ ᠶᠢᠨ ᠪᠣᠯᠤᠨ ᠪᠠᠷᠠᠭᠤᠨ ᠪᠥᠰᠡ ᠶᠢᠨ ᠵᠥᠪᠯᠡᠯ ᠦᠨ ᠲᠠᠮᠠᠭ᠎ᠠ᠂ ᠲᠡᠮᠳᠡᠭ ᠢ ᠠᠯᠪᠠᠨ ᠶᠣᠰᠣᠭᠠᠷ ᠭᠠᠷᠳᠠᠭᠤᠯᠵᠤ ᠥᠭᠭᠦᠭᠰᠡᠨ ᠪᠠᠶᠢᠨ᠎ᠠ᠃
  

ᠰᠡᠳᠬᠢᠭᠳᠡᠯ ᠦᠯᠡᠳᠡᠭᠡᠬᠦ