ᠮᠥᠩᠭᠥᠨ ᠦ ᠪᠣᠳᠣᠯᠭ᠎ᠠ ᠶᠢᠨ 2019 ᠣᠨ ‍ᠣ ᠲᠥᠰᠥᠯ ᠢ ᠡᠷᠭᠦᠨ ᠪᠠᠷᠢᠯ᠎ᠠ | News.MN

ᠮᠥᠩᠭᠥᠨ ᠦ ᠪᠣᠳᠣᠯᠭ᠎ᠠ ᠶᠢᠨ 2019 ᠣᠨ ‍ᠣ ᠲᠥᠰᠥᠯ ᠢ ᠡᠷᠭᠦᠨ ᠪᠠᠷᠢᠯ᠎ᠠ

ᠮᠣᠩᠭᠣᠯ  ᠪᠠᠩᠭᠢ ᠶᠢᠨ ᠶᠡᠷᠦᠩᠬᠡᠶᠢᠯᠡᠭᠴᠢ ᠨ᠂ ᠪᠠᠶᠠᠷᠲᠤᠰᠠᠶᠢᠬᠠᠨ ︽ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ 2019 ᠣᠨ ᠳᠤ ᠪᠠᠷᠢᠮᠲᠠᠯᠠᠬᠤ ᠦᠨᠳᠦᠰᠦᠨ ᠴᠢᠭᠯᠡᠯ︾ ᠦᠨ ᠲᠥᠰᠥᠯ ᠢ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠲᠤ ᠡᠷᠭᠦᠨ  ᠪᠠᠷᠢᠯ᠎ᠠ ᠃ ᠦᠨᠳᠦᠰᠦᠨ ᠴᠢᠭᠯᠡᠯ ᠨᠢ ᠡᠳ᠋ ᠍ ᠦᠨ ᠵᠠᠰᠠᠭ ᠤᠨ ᠡᠷᠡᠰᠳᠡᠯ ᠳᠠᠭᠠᠭᠠᠬᠤ ᠴᠢᠳᠠᠪᠤᠷᠢ ᠶᠢ ᠨᠡᠮᠡᠭᠳᠡᠭᠦᠯᠬᠦ ᠵᠠᠮ ᠢᠶᠠᠷ ᠡᠳ᠋ ᠍ ᠦᠨ ᠵᠠᠰᠠᠭ ᠲᠤ ᠠᠵᠢᠭᠯᠠᠭᠳᠠᠵᠤ ᠪᠤᠢ ᠰᠡᠷᠭᠦᠯᠲᠡ ᠶᠢ ᠪᠡᠬᠢᠵᠢᠭᠦᠯᠵᠦ᠂ ᠬᠦᠷᠲᠡᠭᠡᠮᠵᠢ ᠶᠢ ᠨᠡᠮᠡᠭᠳᠡᠭᠦᠯᠬᠦ ᠳᠦ ᠴᠢᠭᠯᠡᠭᠰᠡᠨ ᠪᠠᠶᠢᠨ᠎ᠠ᠃ ᠥᠩᠭᠡᠷᠡᠭᠰᠡᠨ 2 ᠵᠢᠯ ᠳᠦ ᠮᠠᠨ ᠤ ᠭᠠᠳᠠᠭᠠᠳᠤ ᠡᠷᠢᠯᠲᠡ ᠥᠨᠳᠥᠷ᠂ ᠬᠤᠳᠠᠯᠳᠤᠭᠠᠨ ᠤ ᠨᠥᠬᠥᠴᠡᠯ ᠬᠠᠷᠢᠴᠠᠩᠭᠤᠢ ᠲᠣᠭᠲᠠᠪᠤᠷᠢᠲᠠᠢ ᠪᠠᠶᠢᠭᠰᠠᠨ ᠤ ᠵᠡᠷᠭᠡᠴᠡᠭᠡ ᠠᠭᠤᠯᠠ ᠠᠭᠤᠷᠬᠠᠢ ᠶᠢᠨ ᠬᠥᠷᠥᠩᠭᠡ ᠣᠷᠣᠭᠤᠯᠤᠯᠲᠠ ᠦᠷᠭᠦᠯᠵᠢᠯᠡᠨ ᠲᠡᠯᠡᠵᠦ᠂ ᠡᠳ᠋ ᠍ ᠦᠨ ᠵᠠᠰᠠᠭ ᠢ ᠲᠣᠭᠲᠠᠪᠤᠷᠢᠵᠢᠭᠤᠯᠬᠤ ᠲᠥᠰᠥᠪ᠂ ᠮᠥᠩᠭᠥᠨ ᠦ ᠪᠣᠳᠣᠯᠭ᠎ᠠ ᠶᠢᠨ ᠦᠷ᠎ᠡ ᠳ᠋ᠦᠩ ᠳᠦ ᠬᠥᠷᠥᠩᠭᠡ ᠣᠷᠣᠭᠤᠯᠤᠭᠴᠢ᠂ ᠪᠢᠽᠢᠨᠧᠰ ᠡᠷᠬᠢᠯᠡᠭᠴᠢᠳ ᠦᠨ ᠢᠲᠡᠭᠡᠯ ᠰᠡᠷᠭᠦᠵᠦ᠂ ᠪᠢᠽᠢᠨᠧᠰ ᠦᠨ ᠣᠷᠴᠢᠨ ᠠᠯᠭᠤᠷ ᠰᠠᠶᠢᠵᠢᠷᠠᠵᠤ ᠪᠠᠶᠢᠭ᠎ᠠ᠃
ᠡᠨᠡ ᠣᠨ ᠤ ᠡᠬᠢᠨ ᠦ ᠬᠠᠭᠠᠰ ᠵᠢᠯ ᠦᠨ ᠪᠠᠶᠢᠳᠠᠯ ᠢᠶᠠᠷ ᠡᠳ᠋ ᠍ ᠦᠨ ᠵᠠᠰᠠᠭ ᠤᠨ ᠥᠰᠦᠯᠲᠡ 6.3 ᠬᠤᠪᠢ ᠳᠤ ᠬᠦᠷᠴᠦ᠂ ᠠᠵᠢᠯ ᠡᠷᠬᠢᠯᠡᠯᠲᠡ 3.1 ᠬᠤᠪᠢ ᠪᠠᠷ ᠥᠰᠦᠭᠰᠡᠨ ᠪᠠᠶᠢᠨ᠎ᠠ᠃ ᠡᠳ᠋ ᠍ ᠦᠨ ᠵᠠᠰᠠᠭ ᠤᠨ ᠥᠰᠦᠯᠲᠡ ᠶᠢ ᠳᠠᠭᠠᠵᠤ ᠢᠨᠹᠯᠢᠶᠠᠼ ᠠᠯᠭᠤᠷ ᠰᠡᠷᠭᠦᠵᠦ ᠪᠠᠶᠢᠭ᠎ᠠ ᠴᠤ  ᠮᠤᠩᠭᠤᠯ ᠪᠠᠩᠭᠢ ᠶᠢᠨ 2018 ᠣᠨ ᠤ ᠵᠣᠷᠢᠯᠲᠠᠲᠤ ᠲᠦᠪᠰᠢᠨ ᠳᠦ ᠬᠠᠳᠠᠭᠠᠯᠠᠭᠳᠠᠬᠤ ᠪᠠᠷ ᠪᠠᠶᠢᠭ᠎ᠠ ᠠᠵᠠᠢ᠃ ᠴᠠᠭᠠᠰᠢᠳᠠ ᠡᠳ᠋ ᠍ ᠦᠨ ᠵᠠᠰᠠᠭ ᠤᠨ ᠥᠰᠦᠯᠲᠡ᠂ ᠲᠡᠭᠦᠨ ᠦ ᠦᠷ᠎ᠡ  ᠦᠭᠭᠦᠭᠡᠵᠢ ᠶᠢ ᠲᠣᠭᠲᠠᠪᠤᠷᠢᠲᠠᠢ ᠲᠦᠪᠰᠢᠨ ᠳᠦ ᠬᠠᠮᠠᠭᠠᠯᠠᠬᠤ ᠳᠤ ᠢᠨᠹᠯᠢᠶᠠᠼ ᠤᠨ ᠲᠣᠭᠲᠠᠪᠤᠷᠢᠲᠠᠢ ᠪᠠᠶᠢᠳᠠᠯ ᠢ ᠬᠠᠩᠭᠠᠬᠤ᠂ ᠭᠠᠳᠠᠭᠠᠳᠤ ᠸᠠᠯᠢᠶᠤᠲ ᠤᠨ ᠨᠥᠭᠡᠴᠡ ᠶᠢᠨ ᠬᠦᠷᠦᠯᠴᠡᠭᠡᠲᠦ ᠪᠠᠶᠢᠳᠠᠯ ᠢ ᠨᠡᠮᠡᠭᠳᠡᠭᠦᠯᠬᠦ᠂ ᠪᠠᠩᠬᠢᠨ ᠤ ᠰᠢᠰᠲ᠋ᠧᠮ ᠦᠨ ᠡᠷᠡᠰᠳᠡᠯ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠳᠣᠯᠭ᠎ᠠ ᠶᠢ ᠦᠷᠭᠦᠯᠵᠢᠯᠡᠭᠦᠯᠬᠦ ᠱᠠᠭᠠᠷᠳᠠᠯᠭ᠎ᠠ ᠲᠠᠢ ᠭᠡᠵᠦ ᠮᠣᠩᠭᠣᠯ ᠪᠠᠩᠬᠢ ᠦᠵᠡᠵᠦ ᠪᠠᠶᠢᠨ᠎ᠠ᠃ ᠦᠨᠳᠦᠰᠦᠨ ᠴᠢᠭᠯᠡᠯ ᠳᠦ ︽ᠮᠥᠩᠭᠥᠨ ᠦ ᠪᠣᠳᠣᠯᠭ᠎ᠠ ᠶᠢᠨ ᠵᠠᠬ᠎ᠠ ᠵᠡᠭᠡᠯᠢ ᠶᠢᠨ ᠵᠠᠷᠴᠢᠮ ᠳᠤ ᠰᠠᠭᠤᠷᠢᠯᠠᠭᠰᠠᠨ ᠬᠡᠷᠡᠭᠰᠡᠯ ᠢ ᠠᠰᠢᠭᠯᠠᠨ ᠬᠡᠷᠡᠭᠯᠡᠭᠡᠨ ᠦ ᠦᠨ᠎ᠡ ᠶᠢᠨ ᠢᠨᠳᠧᠺᠰ ᠢᠶᠡᠷ ᠬᠡᠮᠵᠢᠭᠳᠡᠬᠦ ᠢᠨᠹᠯᠢᠶᠠᠼ ᠢ 2019-2020 ᠣᠨ ᠳᠤ ᠵᠢᠯ ᠦᠨ 8 ᠬᠤᠪᠢ᠂ ᠳᠤᠮᠳᠠ ᠬᠤᠭᠤᠴᠠᠭᠠᠨ ᠳᠤ 6 ᠬᠤᠪᠢ ᠣᠷᠴᠢᠮ ᠳᠤ ᠲᠣᠭᠲᠠᠪᠤᠷᠢᠵᠢᠭᠤᠯᠤᠨ᠎ᠠ︾ ᠬᠡᠮᠡᠨ ᠲᠤᠰᠬᠠᠵᠠᠢ᠃

ᠰᠡᠳᠬᠢᠭᠳᠡᠯ ᠦᠯᠡᠳᠡᠭᠡᠬᠦ