ᠰᠠᠶᠢᠳ ᠨᠠᠷ ᠤᠨ ᠠᠩᠬᠠᠳᠤᠭᠠᠷ ᠠᠭᠤᠯᠵᠠᠯᠲᠠ ᠳᠤ ᠣᠷᠣᠯᠴᠠᠯ᠎ᠠ | News.MN

ᠰᠠᠶᠢᠳ ᠨᠠᠷ ᠤᠨ ᠠᠩᠬᠠᠳᠤᠭᠠᠷ ᠠᠭᠤᠯᠵᠠᠯᠲᠠ ᠳᠤ ᠣᠷᠣᠯᠴᠠᠯ᠎ᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠶᠢᠨ 73 ᠳ᠋ᠤᠭᠠᠷ ᠴᠢᠭᠤᠯᠭᠠᠨ ᠤ ᠦᠶ᠎ᠡ ᠪᠡᠷ ᠪᠤᠶᠤ 9 ᠳ᠋ᠤᠭᠡᠷ ᠰᠠᠷ᠎ᠠ ᠶᠢᠨ 24 ᠍ ᠳᠦ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠲᠥᠪ ᠪᠠᠶᠢᠷᠢᠨ ᠳᠤ ᠧᠦ᠋ᠷᠣᠫᠠ ᠶᠢᠨ ᠬᠣᠯᠪᠣᠭ᠎ᠠ᠂ ᠠᠷᠭᠧᠨᠲ᠋ᠢᠨ᠂ ᠮᠣᠩᠭᠣᠯ ᠤᠯᠤᠰ ︽ᠴᠠᠭᠠᠵᠠ ᠪᠠᠷ ᠠᠪᠬᠤ ᠪᠣᠯᠤᠨ ᠡᠷᠡᠭᠦᠳᠡᠨ ᠰᠢᠭᠦᠬᠦ ᠳᠦ ᠠᠰᠢᠭᠯᠠᠳᠠᠭ ᠪᠦᠲᠦᠭᠡᠭᠳᠡᠬᠦᠨ ᠦ ᠬᠤᠳᠠᠯᠳᠤᠭ᠎ᠠ ᠶᠢ ᠬᠤᠷᠢᠭᠯᠠᠬᠤ ᠳᠡᠯᠡᠬᠡᠢ ᠨᠡᠶᠢᠲᠡ ᠶᠢᠨ ᠬᠣᠯᠪᠣᠭ᠎ᠠ︾ ᠰᠠᠨᠠᠭᠠᠴᠢᠯᠠᠭ᠎ᠠ ᠶᠢᠨ ᠰᠠᠶᠢᠳ ᠨᠠᠷ ᠤᠨ ᠠᠩᠬᠠᠳᠤᠭᠠᠷ ᠠᠭᠤᠯᠵᠠᠯᠲᠠ ᠶᠢ ᠬᠠᠮᠲᠤᠷᠠᠨ ᠵᠣᠬᠢᠶᠠᠨ ᠪᠠᠶᠢᠭᠤᠯᠤᠯ᠎ᠠ᠃
ᠠᠩᠬᠠᠳᠤᠭᠠᠷ ᠠᠭᠤᠯᠵᠠᠯᠲᠠ ᠶᠢ ᠨᠡᠭᠡᠭᠡᠵᠦ᠂ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠬᠡᠯᠡᠭᠰᠡᠨ ᠦᠭᠡᠨ ᠳᠦ ᠪᠡᠨ ᠡᠯ᠎ᠡ ᠰᠠᠨᠠᠭᠠᠴᠢᠯᠠᠭ᠎ᠠ ᠨᠢ ᠦᠵᠡᠯ ᠰᠠᠨᠠᠭ᠎ᠠ᠂ ᠶᠣᠰᠣ ᠰᠤᠷᠲᠠᠬᠤᠨ ᠢᠵᠢᠯ ᠤᠯᠤᠰ ᠣᠷᠣᠨ ᠨᠤᠭᠤᠳ ᠢ ᠨᠢᠭᠡᠳᠬᠡᠵᠦ ᠴᠢᠳᠠᠭᠰᠠᠨ ᠨᠢ ᠴᠢᠬᠤᠯᠠ ᠠᠯᠬᠤᠮ ᠪᠣᠯᠤᠭᠰᠠᠨ ᠢ ᠳᠤᠷᠠᠳᠤᠭᠠᠳ᠂ ᠬᠦᠮᠦᠯᠢᠭ ᠪᠤᠰᠤ ᠦᠢᠯᠡᠳᠦᠯ ᠢ ᠲᠠᠰᠤᠯᠤᠨ ᠵᠣᠭᠰᠣᠭᠠᠵᠤ᠂ ᠬᠦᠮᠦᠨ ᠦ ᠡᠷᠬᠡ ᠶᠢ ᠬᠠᠩᠭᠠᠬᠤ ᠳᠤ ᠤᠯᠤᠰ ᠣᠷᠣᠨ ᠨᠤᠭᠤᠳ ᠬᠦᠴᠦ ᠪᠡᠨ ᠨᠢᠭᠡᠳᠬᠡᠨ ᠠᠵᠢᠯᠯᠠᠬᠤ ᠶᠢᠨ ᠴᠢᠬᠤᠯᠠ ᠶᠢ ᠲᠡᠮᠳᠡᠭᠯᠡᠪᠡ᠃ ᠡᠨᠡᠬᠦ ᠠᠭᠤᠯᠵᠠᠯᠲᠠ ᠳᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠦᠮᠦᠨ ᠦ ᠡᠷᠬᠡ ᠶᠢᠨ ᠠᠰᠠᠭᠤᠳᠠᠯ ᠡᠷᠬᠢᠯᠡᠭᠰᠡᠨ ᠳᠡᠭᠡᠳᠦ ᠺᠣᠮᠢᠰᠰᠠᠷ ᠮᠢᠱᠸᠯ  ᠪᠠᠼᠸᠯᠸᠲ᠂ ᠠᠷᠭᠧᠨᠲ᠋ᠢᠨ ᠤᠯᠤᠰ ᠤᠨ ᠭᠠᠳᠠᠭᠠᠳᠤ ᠬᠡᠷᠡᠭ ᠦᠨ ᠰᠠᠶᠢᠳ ᠾᠤᠷᠭᠤ᠋ ᠹᠠᠦ᠋ᠷᠸ᠂ ᠧᠦ᠋ᠷᠣᠫᠠ ᠶᠢᠨ ᠬᠣᠯᠪᠣᠭ᠎ᠠ ᠶᠢᠨ ᠬᠤᠳᠠᠯᠳᠤᠭᠠᠨ ᠤ ᠠᠰᠠᠭᠤᠳᠠᠯ ᠡᠷᠬᠢᠯᠡᠭᠰᠡᠨ ᠺᠣᠮᠢᠰᠰᠠᠷ ᠰᠧᠰᠢᠯᠢᠶ᠎ᠠ ᠮᠠᠯᠮᠰᠲ᠋ᠷᠣᠮ᠂ ᠠᠦᠢᠰᠲᠷᠠᠯᠢᠶ᠎ᠠ ᠤᠯᠤᠰ ᠤᠨ ᠭᠠᠳᠠᠭᠠᠳᠤ ᠬᠡᠷᠡᠭ ᠦᠨ ᠰᠠᠶᠢᠳ ᠮᠠᠷᠢᠰ  ᠫᠸᠢᠢᠨᠧ᠂ ᠪᠸᠯᠭᠢ ᠶᠢᠨ ᠸᠠᠩᠲᠤ ᠤᠯᠤᠰ ᠤᠨ ᠰᠢᠳᠠᠷ ᠰᠠᠶᠢᠳ ᠪᠥᠭᠡᠳ ᠭᠠᠳᠠᠭᠠᠳᠤ ᠬᠡᠷᠡᠭ ᠦᠨ ᠰᠠᠶᠢᠳ ᠳ᠋ᠢᠳᠢᠶ᠋ᠸᠷ ᠷᠠᠢᠨᠳᠧᠷᠰ᠂ ᠧᠦ᠋ᠷᠣᠫᠠ ᠶᠢᠨ ᠬᠣᠯᠪᠣᠭ᠎ᠠ ᠶᠢᠨ ᠬᠦᠮᠦᠨ ᠦ ᠡᠷᠬᠡ ᠶᠢᠨ ᠲᠤᠰᠬᠠᠢ ᠲᠥᠯᠥᠭᠡᠯᠡᠭᠴᠢ ᠰᠲ᠋ᠠᠦ᠋ᠷᠣᠰ ᠯᠠᠮᠠᠪᠷᠢᠨᠢᠳᠢᠰ ᠵᠡᠷᠭᠡ ᠲᠥᠯᠥᠭᠡᠯᠡᠭᠴᠢᠳ ᠤᠷᠤᠯᠴᠠᠪᠠ᠃ ︽ᠳᠡᠯᠡᠬᠡᠢ ᠨᠡᠶᠢᠲᠡ ᠶᠢᠨ ᠬᠣᠯᠪᠣᠭ᠎ᠠ︾ ᠴᠠᠭᠠᠵᠠ ᠪᠠᠷ ᠠᠪᠬᠤ ᠪᠣᠯᠤᠨ ᠡᠷᠡᠭᠦᠳᠡᠨ ᠰᠢᠭᠦᠬᠦ ᠳᠦ ᠠᠰᠢᠭᠯᠠᠳᠠᠭ ᠪᠦᠲᠦᠭᠡᠭᠳᠡᠬᠦᠨ ᠦ ᠬᠤᠳᠠᠯᠳᠤᠭ᠎ᠠ ᠶᠢ ᠬᠤᠷᠢᠭᠯᠠᠬᠤ ᠠᠰᠠᠭᠤᠳᠠᠯ ᠢᠶᠠᠷ ᠣᠯᠠᠨ ᠨᠡᠶᠢᠲᠡ ᠳᠦ ᠮᠡᠳᠡᠭᠡᠯᠡᠯ ᠲᠦᠭᠡᠭᠡᠬᠦ᠂ ᠤᠯᠤᠰ ᠣᠷᠣᠨ ᠨᠤᠭᠤᠳ ᠤᠨ ᠡᠷᠬᠡ ᠵᠦᠢ ᠶᠢᠨ ᠵᠣᠬᠢᠴᠠᠭᠤᠯᠤᠯᠲᠠ ᠶᠢ ᠰᠠᠶᠢᠵᠢᠷᠠᠭᠤᠯᠬᠤ᠂ ᠬᠠᠷᠢᠯᠴᠠᠨ ᠲᠤᠷᠰᠢᠯᠭ᠎ᠠ ᠰᠤᠯᠢᠯᠴᠠᠬᠤ᠂ ᠬᠠᠤᠯᠢ ᠪᠣᠯᠪᠠᠰᠤᠷᠠᠭᠤᠯᠬᠤ᠂ ᠪᠠᠲᠤᠯᠠᠬᠤ᠂ ᠬᠦᠬᠢᠭᠦᠯᠦᠨ ᠳᠡᠮᠵᠢᠬᠦ᠂ ᠮᠡᠳᠡᠭᠡᠯᠡᠯ ᠬᠠᠷᠢᠯᠴᠠᠭ᠎ᠠ ᠬᠣᠯᠪᠣᠭᠠᠨ ᠤ ᠰᠦᠯᠵᠢᠶ᠎ᠡ ᠡᠭᠦᠰᠭᠡᠬᠦ᠂ ᠬᠤᠪᠢ ᠶᠢᠨ ᠬᠡᠪᠰᠢᠯ᠂ ᠢᠷᠭᠡᠨ ᠦ ᠨᠡᠶᠢᠭᠡᠮ ᠢ ᠲᠠᠲᠠᠨ ᠣᠷᠤᠯᠴᠠᠭᠤᠯᠬᠤ ᠵᠣᠷᠢᠯᠭ᠎ᠠ ᠲᠠᠢ᠃ ᠮᠥᠨ ᠴᠠᠭᠠᠵᠠ ᠪᠠᠷ ᠠᠪᠬᠤ ᠪᠣᠯᠤᠨ ᠡᠷᠡᠭᠦᠳᠡᠨ ᠰᠢᠭᠦᠬᠦ ᠳᠦ ᠠᠰᠢᠭᠯᠠᠳᠠᠭ ᠪᠦᠲᠦᠭᠡᠭᠳᠡᠬᠦᠨ ᠦ ᠬᠤᠳᠠᠯᠳᠤᠭ᠎ᠠ ᠶᠢ ᠬᠤᠷᠢᠭᠯᠠᠬᠤ ᠲᠤᠬᠠᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ ᠲᠣᠭᠲᠠᠭᠠᠯ ᠪᠠᠲᠤᠯᠠᠭᠤᠯᠬᠤ᠂ ᠴᠢᠨᠠᠭᠰᠢᠯᠠᠭᠠᠳ ᠣᠯᠠᠨ ᠤᠯᠤᠰ ᠲᠤ ᠳᠠᠭᠠᠵᠤ  ᠮᠦᠷᠳᠡᠬᠦ ᠡᠷᠬᠡ ᠵᠦᠢ ᠶᠢᠨ ᠪᠠᠷᠢᠮᠲᠠ ᠪᠢᠴᠢᠭ ᠭᠠᠷᠭᠠᠬᠤ ᠶᠢ ᠵᠣᠷᠢᠵᠤ ᠪᠤᠢ᠃ ᠠᠭᠤᠯᠵᠠᠯᠲᠠ ᠶᠢᠨ ᠦᠶ᠎ᠡ ᠪᠡᠷ ᠤᠭ ᠰᠠᠨᠠᠭᠠᠴᠢᠯᠠᠭ᠎ᠠ ᠳᠤ ᠰᠢᠨ᠎ᠡ ᠪᠡᠷ ᠨᠢᠭᠡᠳᠦᠨ ᠣᠷᠣᠭᠰᠠᠨ ᠤᠯᠤᠰ ᠤᠨ ᠲᠥᠯᠥᠭᠡᠯᠡᠭᠴᠢᠳ ᠴᠠᠭᠠᠵᠠ ᠪᠠᠷ ᠠᠪᠬᠤ ᠪᠣᠯᠤᠨ ᠡᠷᠡᠭᠦᠳᠡᠨ ᠰᠢᠭᠦᠬᠦ ᠳᠦ ᠠᠰᠢᠭᠯᠠᠳᠠᠭ ᠪᠦᠲᠦᠭᠡᠭᠳᠡᠬᠦᠨ ᠦ ᠬᠤᠳᠠᠯᠳᠤᠭ᠎ᠠ ᠶᠢ ᠬᠤᠷᠢᠭᠯᠠᠬᠤ ᠦᠢᠯᠡ ᠬᠡᠷᠡᠭ ᠦᠨ ᠲᠥᠯᠥᠭᠡ ᠠᠵᠢᠯᠯᠠᠬᠤ᠂ ᠤᠭ ᠠᠰᠠᠭᠤᠳᠠᠯ ᠢᠶᠠᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ  ᠶᠢᠨ ᠲᠣᠭᠲᠠᠭᠠᠯ ᠪᠠᠲᠤᠯᠠᠭᠤᠯᠬᠤ᠂ ᠣᠯᠠᠨ ᠤᠯᠤᠰ ᠲᠤ ᠳᠠᠭᠠᠵᠤ ᠮᠦᠷᠳᠡᠬᠦ ᠡᠷᠬᠡ ᠵᠦᠢ ᠶᠢᠨ ᠪᠠᠷᠢᠮᠲᠠ ᠪᠢᠴᠢᠭ ᠪᠣᠯᠪᠠᠰᠤᠷᠠᠭᠤᠯᠵᠤ ᠪᠠᠲᠤᠯᠠᠬᠤ ᠬᠦᠰᠡᠯ ᠡᠷᠡᠮᠡᠯᠵᠡᠯ ᠢ ᠢᠯᠡᠷᠬᠡᠶᠢᠯᠡᠭᠰᠡᠨ ᠠᠭᠤᠯᠭ᠎ᠠ ᠪᠦᠬᠦᠢ ᠬᠠᠮᠲᠤᠷᠠᠭᠰᠠᠨ ᠮᠡᠳᠡᠭᠳᠡᠯ ᠳᠦ ᠭᠠᠷ ᠤᠨ ᠦᠰᠦᠭ ᠵᠢᠷᠤᠪᠠ᠃
ᠴ∙ᠠᠷᠢᠭᠤᠨᠪᠤᠯᠤᠳ

ᠰᠡᠳᠬᠢᠭᠳᠡᠯ ᠦᠯᠡᠳᠡᠭᠡᠬᠦ