ᠡᠺᠸᠠᠳᠣᠷ ᠤᠯᠤᠰ ᠲᠤ 90 ᠬᠣᠨᠣᠭ ᠸᠢᠽ ᠦᠭᠡᠢ ᠵᠣᠷᠴᠢᠳᠠᠭ ᠪᠣᠯᠤᠯ᠎ᠠ | News.MN

ᠡᠺᠸᠠᠳᠣᠷ ᠤᠯᠤᠰ ᠲᠤ 90 ᠬᠣᠨᠣᠭ ᠸᠢᠽ ᠦᠭᠡᠢ ᠵᠣᠷᠴᠢᠳᠠᠭ ᠪᠣᠯᠤᠯ᠎ᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 73 ᠳ᠋ᠤᠭᠠᠷ ᠴᠢᠭᠤᠯᠭᠠᠨ ᠳᠤ ᠣᠷᠣᠯᠴᠠᠵᠤ ᠪᠤᠢ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ 2018 ᠣᠨ ᠤ 9 ᠳ᠋ᠤᠭᠡᠷ ᠰᠠᠷ᠎ᠠ ᠶᠢᠨ 24 ᠍ ᠦ ᠡᠳᠦᠷ ᠪᠦᠭᠦᠳᠡ ᠨᠠᠶᠢᠷᠠᠮᠳᠠᠬᠤ ᠡᠺᠸᠠᠳᠣᠷ ᠤᠯᠤᠰ ᠤᠨ ᠭᠠᠳᠠᠭᠠᠳᠤ ᠬᠡᠷᠡᠭ ᠦᠨ ᠰᠠᠶᠢᠳ ᠬᠣᠣᠰᠧ ᠸᠠᠯᠧᠨᠰᠢᠶᠠ ᠲᠠᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠲᠥᠪ ᠪᠠᠶᠢᠷᠢᠨ ᠳᠤ ᠠᠭᠤᠯᠵᠠᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠤᠯᠢᠯᠴᠠᠪᠠ᠃
ᠠᠭᠤᠯᠵᠠᠯᠲᠠ ᠶᠢᠨ ᠦᠶ᠎ᠡ ᠪᠡᠷ ᠬᠣᠶᠠᠷ ᠤᠯᠤᠰ ᠤᠨ ᠭᠠᠳᠠᠭᠠᠳᠤ ᠬᠡᠷᠡᠭ ᠦᠨ ᠰᠠᠶᠢᠳ ᠨᠠᠷ 《ᠪᠦᠬᠦ ᠲᠥᠷᠥᠯ ᠦᠨ ᠭᠠᠳᠠᠭᠠᠳᠤ ᠫᠠᠰᠫᠣᠷᠲ ᠡᠵᠡᠮᠰᠢᠭᠴᠢᠳ ᠢ ᠸᠢᠽ ᠤᠨ ᠱᠠᠭᠠᠷᠳᠠᠯᠭ᠎ᠠ ᠠᠴᠠ ᠴᠢᠯᠦᠭᠡᠯᠡᠬᠦ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠡᠺᠸᠠᠳᠣᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠨᠣᠲ᠋ᠠ ᠪᠢᠴᠢᠭ 》 ᠰᠣᠯᠢᠯᠴᠠᠭᠰᠠᠨ ᠪᠥᠭᠡᠳ  ᠡᠶᠢᠨᠬᠦ ᠬᠣᠶᠠᠷ ᠤᠯᠤᠰ ᠤᠨ ᠢᠷᠭᠡᠳ 90 ᠬᠣᠨᠣᠭ ᠤᠨ ᠬᠤᠭᠤᠴᠠᠭᠠᠨ ᠳᠤ ᠬᠠᠷᠢᠯᠴᠠᠨ ᠸᠢᠽ ᠦᠭᠡᠢ ᠵᠣᠷᠴᠢᠬᠤ ᠨᠥᠬᠥᠴᠡᠯ ᠪᠥᠷᠢᠳᠴᠦ ᠪᠠᠶᠢᠭ᠎ᠠ ᠶᠤᠮ᠃
ᠡᠺᠸᠠᠳᠣᠷ ᠤᠯᠤᠰ ᠲᠠᠢ ᠸᠢᠽ ᠤᠨ ᠨᠥᠬᠥᠴᠡᠯ ᠢᠶᠡᠨ ᠬᠠᠷᠢᠯᠴᠠᠨ ᠬᠦᠯᠢᠶᠡᠨ ᠵᠦᠪᠰᠢᠶᠡᠷᠡᠬᠦ ᠲᠤᠬᠠᠢ ᠬᠡᠯᠡᠯᠴᠡᠭᠡᠷ ᠪᠠᠶᠢᠭᠤᠯᠤᠭᠰᠠᠨ ᠢᠶᠠᠷ ᠮᠠᠨ ᠤ ᠤᠯᠤᠰ ᠤᠨ ᠢᠷᠭᠡᠳ ᠨᠡᠶᠢᠲᠡ 22 ᠤᠯᠤᠰ ᠲᠤ ᠸᠢᠽ ᠦᠭᠡᠢ ᠵᠣᠷᠴᠢᠬᠤ ᠪᠣᠯᠤᠮᠵᠢ ᠲᠠᠢ ᠪᠣᠯᠵᠤ ᠪᠠᠶᠢᠨ᠎ᠠ᠃ ᠮᠠᠨ ᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ 1982 ᠣᠨ ᠤ 10 ᠳ᠋ᠤᠭᠠᠷ ᠰᠠᠷ᠎ᠠ ᠶᠢᠨ 30 ᠍ ᠤ ᠡᠳᠦᠷ ᠲᠣᠭᠲᠠᠭᠠᠭᠰᠠᠨ ᠪᠥᠭᠡᠳ ᠡᠨᠡᠬᠦ ᠨᠠᠶᠢᠷᠰᠠᠭ ᠬᠠᠷᠢᠯᠴᠠᠭ᠎ᠠ ᠶᠢ ᠬᠥᠭᠵᠢᠭᠦᠯᠬᠦ ᠳᠦ ᠫᠠᠷᠯᠠᠮᠸᠡᠲ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠴᠢᠬᠤᠯᠠ ᠡᠭᠦᠷᠭᠡ ᠭᠦᠢᠴᠡᠳᠭᠡᠬᠦ ᠶᠢ ᠳ∙ᠴᠣᠭᠲᠤᠪᠠᠭᠠᠲᠤᠷ ᠲᠡᠮᠳᠡᠭᠯᠡᠪᠡ᠃
ᠡᠬᠢ ᠰᠤᠷᠪᠤᠯᠵᠢ᠄ ᠭᠠᠳᠠᠭᠠᠳᠤ ᠬᠠᠷᠢᠯᠴᠠᠭᠠᠨ ᠤ ᠶᠠᠮᠤᠨ

ᠰᠡᠳᠬᠢᠭᠳᠡᠯ ᠦᠯᠡᠳᠡᠭᠡᠬᠦ