ᠳᠣᠷᠣᠨᠠᠭᠣᠪᠢ ᠶᠢᠨ ᠵᠣᠬᠢᠶᠠᠯᠴᠢᠳ ᠤᠨ ᠪᠦᠲᠦᠭᠡᠯ ᠤᠳ ᠡᠴᠡ ᠭᠠᠷᠳᠠᠭᠤᠯᠪᠠ | News.MN

ᠳᠣᠷᠣᠨᠠᠭᠣᠪᠢ ᠶᠢᠨ ᠵᠣᠬᠢᠶᠠᠯᠴᠢᠳ ᠤᠨ ᠪᠦᠲᠦᠭᠡᠯ ᠤᠳ ᠡᠴᠡ ᠭᠠᠷᠳᠠᠭᠤᠯᠪᠠ

ᠳᠣᠷᠣᠨᠠᠭᠣᠪᠢ ᠠᠶᠢᠮᠠᠭ ᠤᠨ ᠵᠠᠰᠠᠭ ᠳᠠᠷᠤᠭ᠎ᠠ ᠲ∙ᠡᠩᠬᠡᠲᠦ᠋ᠪᠰᠢᠨ ᠡᠨᠡ ᠰᠠᠷ᠎ᠠ ᠶᠢᠨ 25 ᠍ ᠳᠦ ᠠᠶᠢᠮᠠᠭ ᠤᠨ ᠨᠣᠮ ᠤᠨ ᠰᠠᠩ ᠪᠣᠯᠤᠨ ᠰᠠᠶᠢᠨᠱᠠᠩᠳᠠ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠤᠨ ᠲᠥᠯᠥᠭᠡᠯᠡᠯ ᠢ ᠬᠦᠯᠢᠶᠡᠨ ᠠᠪᠴᠤ ᠠᠭᠤᠯᠵᠠᠨ ᠨᠣᠮ ᠤᠨ ᠰᠠᠩ ᠤᠨ ᠹᠣᠨᠳ᠋  ᠢ ᠠᠷᠪᠢᠵᠢᠭᠤᠯᠬᠤ ᠵᠣᠷᠢᠯᠭ᠎ᠠ ᠪᠠᠷ ᠳᠣᠷᠣᠨᠠᠭᠣᠪᠢ ᠠᠶᠢᠮᠠᠭ ᠤᠨ ᠵᠣᠬᠢᠶᠠᠯᠴᠢᠳ ᠤᠨ ᠪᠦᠲᠦᠭᠡᠯ ᠦᠨ ᠳᠡᠭᠡᠵᠢ ᠡᠴᠡ ᠭᠠᠷᠳᠠᠭᠤᠯᠤᠯ᠎ᠠ᠃ ᠡᠨᠡ ᠤᠳᠠᠭ᠎ᠠ ᠲᠥᠷᠥ ᠶᠢᠨ ᠱᠠᠩᠨᠠᠯᠲᠤ᠂ ᠠᠷᠠᠳ ᠤᠨ ᠤᠷᠠᠨ ᠵᠣᠬᠢᠶᠠᠯᠴᠢ ᠪ∙ᠳᠣᠭᠮᠢᠳ ᠤᠨ ︽ᠲᠠᠤᠯᠠᠢ ᠶᠢᠨ ᠲᠠᠯ᠎ᠠ︾᠂ ᠮᠣᠩᠭᠣᠯ ᠤᠯᠤᠰ ᠤᠨ ᠰᠤᠶᠤᠯ ᠤᠨ ᠭᠠᠪᠢᠶᠠᠲᠤ ᠵᠢᠳᠬᠦᠯᠲᠡᠨ ᠵᠣᠬᠢᠶᠠᠯᠴᠢ ᠱ∙ᠭᠦᠷᠦᠪᠠᠽᠠᠷ ᠤᠨ ︽ᠪᠣᠳᠢ ᠭᠥᠷᠦᠭᠡᠰᠦᠨ ᠦ ᠵᠡᠭᠦᠳᠦ︾᠂ ᠠ᠊∙ᠰᠢᠷᠠᠲᠣᠯᠣᠭᠠᠢ ᠶᠢᠨ ︽ᠭᠣᠪᠢ ᠶᠢᠨ ᠨᠣᠶᠠᠨ ᠭᠡᠭᠡᠨ ᠦ ᠲᠤᠤᠯᠢ︾᠂ ᠤᠷᠠᠨ ᠪᠦᠲᠦᠭᠡᠯᠴᠢ ᠬ∙ᠡᠩᠬᠡᠲᠠᠶᠢᠪᠤᠩ ᠤᠨ ︽ᠳᠣᠷᠣᠨᠠᠭᠣᠪᠢ ᠠᠶᠢᠮᠠᠭ ᠤᠨ ᠪᠠᠶᠢᠭᠠᠯᠢ ᠶᠢᠨ ᠭᠠᠶᠢᠬᠠᠮᠰᠢᠭ︾ ᠵᠡᠷᠭᠡ ᠪᠦᠲᠦᠭᠡᠯ ᠢ ᠪᠡᠯᠡᠭᠯᠡᠪᠡ᠃
ᠠᠶᠢᠮᠠᠭ ᠤᠨ ᠵᠠᠰᠠᠭ ᠳᠠᠷᠤᠭ᠎ᠠ ᠶᠢᠨ ︽ᠬᠥᠭᠵᠢᠯ ᠦᠨ ᠲᠥᠯᠥᠭᠡ ᠬᠠᠮᠲᠤ ᠳᠤ ᠪᠠᠨ》  ︵2016-2020︶ ᠦᠢᠯᠡ ᠠᠵᠢᠯᠯᠠᠭᠠᠨ ᠤ ᠬᠥᠲᠥᠯᠪᠦᠷᠢ ᠳᠦ ᠨᠣᠮ ᠤᠨ ᠰᠠᠩ ᠤᠨ ᠨᠣᠮ ᠤᠨ ᠹᠣᠨᠳ᠋ ᠢ ᠨᠡᠮᠡᠭᠳᠡᠭᠦᠯᠵᠦ ᠦᠢᠯᠡᠴᠢᠯᠡᠭᠡ ᠶᠢ ᠴᠠᠬᠢᠮᠵᠢᠭᠤᠯᠵᠤ᠂ ᠰᠤᠶᠤᠯ ᠤᠷᠠᠯᠢᠭ ᠤᠨ ᠪᠠᠶᠢᠭᠤᠯᠤᠯᠭ᠎ᠠ ᠨᠤᠭᠤᠳ ᠤᠨ ᠲᠧᠭᠨᠢᠭ ᠲᠣᠨᠣᠭ ᠲᠥᠬᠥᠭᠡᠷᠦᠮᠵᠢ ᠶᠢ ᠰᠢᠨᠡᠳᠭᠡᠬᠦ᠂ ᠮᠦᠽᠧᠢ ᠶᠢᠨ ᠰᠠᠩ ᠬᠥᠮᠥᠷᠭᠡ ᠶᠢ ᠪᠠᠶᠠᠵᠢᠭᠤᠯᠬᠤ ᠣᠷᠣᠨ ᠨᠤᠲᠤᠭ ᠠᠴᠠ ᠲᠥᠷᠥᠨ ᠭᠠᠷᠤᠭᠰᠠᠨ ᠵᠣᠬᠢᠶᠠᠯᠴᠢᠳ᠂ ᠲᠡᠳᠡᠨ ᠦ ᠤᠷᠠᠨ ᠪᠦᠲᠦᠭᠡᠯ ᠢ ᠣᠯᠠᠨ ᠨᠡᠶᠢᠲᠡ ᠳᠦ ᠰᠤᠷᠲᠠᠯᠴᠢᠯᠠᠬᠤ᠂ ᠲᠡᠳᠡᠭᠡᠷ ᠢ ᠳᠡᠮᠵᠢᠨ ᠠᠵᠢᠯᠯᠠᠬᠤ ᠵᠣᠷᠢᠯᠲᠠ ᠳᠡᠪᠰᠢᠭᠦᠯᠦᠭᠰᠡᠨ ᠶᠤᠮ ᠃ 2019 ᠣᠨ ᠳᠤ ᠠᠶᠢᠮᠠᠭ ᠤᠨ ᠲᠥᠪ ᠨᠣᠮ ᠤᠨ ᠰᠠᠩ ᠳᠤ ᠲᠠᠪᠤᠨ ᠰᠠᠶ᠎ᠠ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠲᠤ 1.5 ᠰᠠᠶ᠎ᠠ ᠬᠦᠷᠲᠡᠯᠡᠬᠢ ᠲᠥᠭᠥᠷᠢᠭ ᠦᠨ ᠨᠣᠮ ᠤᠨ ᠳᠡᠮᠵᠢᠯᠭᠡ ᠦᠵᠡᠭᠦᠯᠬᠦ ᠪᠡᠷ ᠪᠣᠯᠤᠯ᠎ᠠ᠃
ᠬ∙ᠡᠷᠳᠡᠨᠢᠪᠤᠯᠠᠭᠠᠨ

ᠰᠡᠳᠬᠢᠭᠳᠡᠯ ᠦᠯᠡᠳᠡᠭᠡᠬᠦ