ᠲᠥᠷᠥ ᠶᠢᠨ ᠣᠷᠳᠣᠨ ᠳᠤ ᠬᠦᠮᠦᠨ ᠨᠠᠰᠤ ᠪᠠᠷᠠᠵᠠᠢ | News.MN

ᠲᠥᠷᠥ ᠶᠢᠨ ᠣᠷᠳᠣᠨ ᠳᠤ ᠬᠦᠮᠦᠨ ᠨᠠᠰᠤ ᠪᠠᠷᠠᠵᠠᠢ

ᠲᠥᠷᠥ ᠶᠢᠨ ᠣᠷᠳᠣᠨ ᠳᠤ ᠥᠨᠥᠳᠥᠷ  ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠥᠷᠲ ᠦᠨ ᠶᠠᠮᠤᠨ᠂ ᠤᠯᠤᠰ ᠤᠨ ᠶᠡᠬᠡ ᠬᠤᠷᠠᠯ ᠤᠨ ᠨᠠᠶᠢᠭᠡᠮ ᠤᠨ ᠪᠤᠳᠤᠯᠭ᠎ᠠ ᠪᠤᠯᠪᠠᠰᠤᠷᠠᠯ ᠰᠢᠨᠵᠢᠯᠡᠬᠦ ᠤᠬᠠᠭᠠᠨ ᠤ ᠪᠠᠶᠢᠩᠭᠤ ᠶᠢᠨ ᠬᠣᠷᠢᠶ᠎ᠠ ᠠᠬᠠᠮᠠᠳ ᠪᠠᠭᠰᠢ ᠨᠠᠷ ᠤᠨ ᠬᠣᠯᠪᠣᠭ᠎ᠠ ᠲᠠᠢ ᠬᠠᠮᠲᠤᠷᠠᠨ ᠪᠠᠭᠰᠢ ᠶᠢᠨ ᠪᠠᠶᠠᠷ ᠤᠨ ᠡᠳᠦᠷ ᠢ ᠲᠣᠬᠢᠶᠠᠯᠳᠤᠭᠤᠯᠤᠨ ︽ᠮᠣᠩᠭᠣᠯ ᠤᠨ ᠠᠬᠠᠮᠠᠳ ᠪᠠᠭᠰᠢ ᠨᠠᠷ ᠤᠨ ᠬᠦᠨᠳᠦᠳᠬᠡᠯ ᠦᠨ ᠳᠤᠷᠠᠰᠤᠮᠵᠢ ᠠᠭᠤᠯᠵᠠᠯᠲᠠ ︾  ᠶᠢ ᠲᠠᠪᠤᠳᠠᠬᠢ ᠵᠢᠯ ᠳᠦ ᠪᠡᠨ ᠵᠣᠬᠢᠶᠠᠨ ᠪᠠᠶᠢᠭᠤᠯᠵᠤ ᠪᠠᠶᠢᠭ᠎ᠠ ᠪᠢᠯᠡ᠃ ᠲᠤᠰ ᠠᠷᠭ᠎ᠠ ᠬᠡᠮᠵᠢᠶᠡᠨ ᠳᠦ ᠣᠷᠣᠯᠴᠠᠵᠤ ᠪᠠᠶᠢᠭᠰᠠᠨ 87 ᠨᠠᠰᠤᠲᠠᠢ ᠢᠷᠭᠡᠨ ᠠᠮᠢᠰᠬᠤᠯ ᠬᠤᠷᠢᠶᠠᠭᠰᠠᠨ ᠬᠠᠷᠠᠮᠰᠠᠯ ᠲᠠᠢ ᠬᠡᠷᠡᠭ ᠭᠠᠷᠤᠭᠰᠠᠨ ᠪᠠᠶᠢᠨ᠎ᠠ᠃
ᠬᠡᠷᠡᠭ ᠦᠨ ᠲᠠᠯ᠎ᠠ ᠪᠠᠷ ᠴᠠᠭᠳᠠᠭ᠎ᠠ ᠶᠢᠨ ᠪᠠᠶᠢᠭᠤᠯᠤᠯᠭ᠎ᠠ ᠠᠴᠠ ᠲᠣᠳᠣᠷᠠᠭᠤᠯᠬᠤ ᠳᠤ᠂ ᠲᠥᠷᠥ ᠶᠢᠨ ᠣᠷᠳᠣᠨ ᠳᠤ ᠪᠣᠯᠵᠤ ᠪᠤᠢ ᠠᠷᠭ᠎ᠠ ᠬᠡᠮᠵᠢᠶᠡᠨ ᠳᠦ ᠣᠷᠣᠯᠴᠠᠵᠤ ᠪᠠᠶᠢᠭᠰᠠᠨ ᠨᠢᠭᠡᠨ ᠠᠬᠠᠮᠠᠳ ᠪᠠᠭᠰᠢ  ᠭᠠᠳᠠᠨ᠎ᠠ ᠶᠢᠨ ᠨᠥᠯᠦᠭᠡ ᠦᠭᠡᠢ ᠨᠠᠰᠤ ᠪᠠᠷᠠᠭᠰᠠᠨ ᠨᠢ ᠦᠨᠡᠨ᠃ ᠣᠳᠣ ᠶᠢᠨ ᠪᠠᠶᠢᠳᠠᠯ ᠢᠶᠠᠷ ᠬᠡᠷᠡᠭ ᠦᠨ ᠭᠠᠵᠠᠷ ᠤᠨ ᠦᠵᠡᠯᠭᠡ ᠬᠢᠭᠳᠡᠵᠦ ᠪᠠᠶᠢᠭ᠎ᠠ ᠤᠴᠢᠷ ᠡᠭᠦᠨ ᠡᠴᠡ ᠢᠯᠡᠭᠦᠦ ᠮᠡᠳᠡᠭᠡᠯᠡᠯ ᠥᠭᠬᠦ ᠪᠣᠯᠤᠮᠵᠢ ᠦᠭᠡᠢ ᠭᠡᠪᠡ᠃ ᠨᠠᠰᠤ ᠪᠠᠷᠠᠭᠰᠠᠨ ᠢᠷᠭᠡᠨ ᠨᠡᠶᠢᠰᠯᠡᠯ ᠦᠨ ᠪᠠᠭᠠᠨᠠᠭᠤᠷ ᠳᠡᠭᠦᠷᠭᠡ ᠶᠢᠨ ᠬᠠᠷᠢᠶᠠᠲᠤ᠂ 87 ᠨᠠᠰᠤᠲᠠᠢ᠂ ᠡᠷᠡᠭᠲᠡᠢ S ᠪᠠᠶᠢᠭᠰᠠᠨ ᠪᠥᠭᠡᠳ ᠲᠡᠷᠡ ᠪᠡᠷ ᠪᠠᠭᠠᠨᠠᠭᠤᠷ ᠳᠡᠭᠦᠷᠭᠡ ᠶᠢᠨ ᠢᠶᠡᠨ ᠠᠬᠠᠮᠠᠳ ᠪᠠᠭᠰᠢ ᠨᠠᠷ ᠢ ᠲᠥᠯᠥᠭᠡᠯᠡᠨ ᠲᠥᠷᠥ ᠶᠢᠨ ᠣᠷᠳᠣᠨ ᠳᠤ ᠢᠷᠡᠭᠡᠳ ᠪᠠᠶᠢᠭᠰᠠᠨ  ᠠᠵᠠᠢ᠃ ᠲᠡᠭᠦᠨ ᠦ ᠪᠡᠶ᠎ᠡ ᠶᠢᠨ ᠪᠠᠶᠢᠳᠠᠯ  ᠲᠠᠪᠠ  ᠦᠭᠡᠶᠢᠷᠬᠡᠬᠦ ᠦᠶ᠎ᠡ ᠳᠦ ᠠᠭᠤᠯᠵᠠᠯᠲᠠ ᠵᠣᠬᠢᠶᠠᠨ ᠪᠠᠶᠢᠭᠤᠯᠤᠭᠴᠢᠳ ᠶᠠᠭᠠᠷᠠᠯ ᠲᠠᠢ ᠲᠤᠰᠠᠯᠠᠮᠵᠢ ᠦᠵᠡᠭᠦᠯᠵᠦ᠂ ᠲᠦᠷᠭᠡᠨ ᠲᠤᠰᠠᠯᠠᠮᠵᠢ ᠳᠠᠭᠤᠳᠠᠭᠰᠠᠨ ᠴᠤ ᠡᠮᠨᠡᠯᠭᠡ ᠶᠢᠨ ᠲᠤᠰᠠᠯᠠᠮᠵᠢ ᠠᠪᠴᠤ ᠴᠢᠳᠠᠯ ᠦᠭᠡᠢ ᠨᠠᠰᠤ ᠪᠠᠷᠠᠵᠠᠢ᠃
ᠠ᠊∙ᠨᠠᠮᠤᠭᠤᠨ

ᠡᠬᠢ ᠰᠤᠷᠪᠤᠯᠵᠢ ᠄ iKon.mn

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

iTheme 2018-09-28 103.50.206.32

Сайхан баярлаарай