ᠮᠣᠩᠭᠣᠯ ᠬᠢᠲᠠᠳ ᠤᠨ ᠴᠢᠯᠦᠭᠡᠲᠦ ᠬᠤᠳᠠᠯᠳᠤᠭᠠᠨ ᠤ ᠲᠠᠯ᠎ᠠ ᠪᠠᠷ ᠰᠤᠳᠤᠯᠵᠤ ᠪᠠᠶᠢᠨ᠎ᠠ | News.MN

ᠮᠣᠩᠭᠣᠯ ᠬᠢᠲᠠᠳ ᠤᠨ ᠴᠢᠯᠦᠭᠡᠲᠦ ᠬᠤᠳᠠᠯᠳᠤᠭᠠᠨ ᠤ ᠲᠠᠯ᠎ᠠ ᠪᠠᠷ ᠰᠤᠳᠤᠯᠵᠤ ᠪᠠᠶᠢᠨ᠎ᠠ

 

ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠣᠭᠣᠷᠣᠨᠳᠣ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠬᠤ ᠪᠣᠯᠤᠮᠵᠢ ᠶᠢ ᠰᠤᠳᠤᠯᠬᠤ ᠬᠣᠶᠠᠷ ᠲᠠᠯ᠎ᠠ ᠶᠢᠨ ᠬᠠᠮᠲᠤᠷᠠᠭᠰᠠᠨ ᠰᠤᠳᠤᠯᠭᠠᠨ ᠤ ᠪᠠᠭ ᠤᠨ ᠠᠩᠬᠠᠳᠤᠭᠠᠷ ᠠᠭᠤᠯᠵᠠᠯᠲᠠ 2018 ᠣᠨ ᠤ 9 ᠳ᠋ᠤᠭᠡᠷ ᠰᠠᠷ᠎ᠠ ᠶᠢᠨ 26-27 ᠍ ᠤ ᠡᠳᠦᠷ ᠦᠳ ᠲᠦ ᠤᠯᠠᠭᠠᠨᠪᠠᠭᠠᠲᠤᠷ  ᠬᠤᠲᠠᠨ᠎ᠠ ᠪᠣᠯᠪᠠ ᠃ ᠠᠭᠤᠯᠵᠠᠯᠲᠠ ᠳᠤ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠭᠠᠳᠠᠭᠠᠳᠤ ᠬᠤᠳᠠᠯᠳᠤᠭ᠎ᠠ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠭᠠᠵᠠᠷ ᠤᠨ ᠳᠡᠳ᠋ ᠵᠠᠬᠢᠷᠤᠯ ᠲ∙ᠪᠠᠲᠤᠴᠡᠴᠡᠭ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠤᠳᠠᠯᠳᠤᠭᠠᠨ ᠤ ᠶᠠᠮᠤᠨ ᠤ ᠣᠯᠠᠨ ᠤᠯᠤᠰ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭᠠᠨ ᠤ ᠭᠠᠵᠠᠷ ᠤᠨ ᠳᠡᠳ᠋ ᠵᠠᠬᠢᠷᠤᠯ ᠯᠢᠶᠠᠨ ᠬᠤᠩ ᠨᠠᠷ ᠬᠣᠶᠠᠷ ᠲᠠᠯ᠎ᠠ ᠶᠢᠨ ᠲᠥᠯᠥᠭᠡᠯᠡᠭᠴᠢᠳ ᠢ ᠲᠡᠷᠢᠭᠦᠯᠡᠵᠦ ᠤᠷᠤᠯᠴᠠᠪᠠ᠃
ᠠᠭᠤᠯᠵᠠᠯᠲᠠ ᠶᠢᠨ ᠦᠶ᠎ᠡ ᠪᠡᠷ ᠲᠠᠯ᠎ᠠ ᠨᠤᠭᠤᠳ ᠥᠪᠡᠷ ᠦᠨ ᠤᠯᠤᠰ ᠤᠨ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠵᠤ ᠪᠤᠢ ᠲᠤᠷᠰᠢᠯᠭ᠎ᠠ ᠶᠢᠨ ᠲᠠᠯ᠎ᠠ ᠪᠠᠷ ᠮᠡᠳᠡᠭᠡᠯᠡᠯ ᠬᠢᠵᠦ᠂ ᠬᠣᠶᠠᠷ ᠲᠠᠯ᠎ᠠ ᠶᠢᠨ ᠬᠠᠮᠲᠤᠷᠠᠭᠰᠠᠨ ᠰᠤᠳᠤᠯᠭᠠᠨ ᠤ ᠠᠵᠢᠯ ᠤᠨ ᠶᠡᠷᠦᠩᠬᠡᠢ ᠬᠦᠷᠢᠶᠡᠨ ᠦ ᠲᠠᠯ᠎ᠠ ᠪᠠᠷ ᠰᠠᠨᠠᠯ ᠰᠤᠯᠢᠯᠴᠠᠪᠠ ᠃ ᠠᠭᠤᠯᠵᠠᠯᠲᠠ ᠶᠢᠨ ᠲᠡᠭᠦᠰᠬᠡᠯ ᠳᠦ  ︽ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠤᠨ ᠬᠣᠭᠣᠷᠣᠨᠳᠣ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠬᠤ ᠪᠣᠯᠤᠮᠵᠢ ᠶᠢ ᠰᠤᠳᠤᠯᠬᠤ ᠬᠠᠮᠲᠤᠷᠠᠭᠰᠠᠨ ᠰᠤᠳᠤᠯᠭᠠᠨ ᠤ ᠠᠵᠢᠯ ᠤᠨ ᠳᠠᠭᠠᠭᠠᠯᠭᠠᠪᠤᠷᠢ》 ᠪᠣᠯᠤᠨ ᠬᠠᠮᠲᠤᠷᠠᠭᠰᠠᠨ ᠰᠤᠳᠤᠯᠭᠠᠨ ᠤ ᠪᠠᠭ ᠤᠨ ᠠᠩᠬᠠᠳᠤᠭᠠᠷ ᠠᠭᠤᠯᠵᠠᠯᠲᠠ ᠶᠢᠨ ᠲᠡᠮᠳᠡᠭᠯᠡᠯ ᠳᠦ ᠭᠠᠷ ᠤᠨ ᠦᠰᠦᠭ ᠵᠢᠷᠤᠪᠠ᠃

ᠰᠡᠳᠬᠢᠭᠳᠡᠯ ᠦᠯᠡᠳᠡᠭᠡᠬᠦ