ᠣᠨ ᠤ ᠡᠬᠢᠨ ᠦ ᠨᠠᠢᠮᠠᠨ ᠰᠠᠷ᠎ᠠ ᠶᠢᠨ ᠪᠠᠶᠢᠳᠠᠯ ᠢᠶᠠᠷ ᠮᠣᠩᠭᠣᠯ ᠤᠯᠤᠰ 13076.1 ᠲᠣᠨ ᠠᠳᠤᠭᠤᠨ ᠤ ᠮᠢᠬ᠎ᠠ᠂ 12315.4 ᠲᠣᠨ ᠳᠤᠯᠠᠭᠠᠨ ᠤ ᠠᠷᠭ᠎ᠠ ᠪᠠᠷ ᠪᠣᠯᠪᠠᠰᠤᠷᠠᠭᠤᠯᠤᠭᠰᠠᠨ ᠮᠢᠬ᠎ᠠ᠂ 751.3 ᠲᠣᠨ ᠬᠣᠨᠢᠨ ᠤ ᠮᠢᠬ᠎ᠠ᠂ 589.5 ᠲᠣᠨ ᠢᠮᠠᠭᠠᠨ ᠤ ᠮᠢᠬ᠎ᠠ᠂ 756.5 ᠲᠣᠨ ᠦᠬᠡᠷ ᠦᠨ ᠮᠢᠬ᠎ᠠ᠂ 634.4 ᠲᠣᠨ ᠳᠠᠶᠢᠪᠤᠷᠢ ᠪᠦᠲᠦᠭᠡᠭᠳᠡᠬᠦᠨ᠂ ᠨᠡᠶᠢᠲᠡ 28123.2 ᠲᠣᠨ ᠪᠦᠲᠦᠭᠡᠭᠳᠡᠬᠦᠨ ᠡᠺᠰᠫᠣᠷᠲᠯᠠᠵᠠᠢ᠃ ᠡᠨᠡ ᠨᠢ 2017 ᠣᠨ ᠤ ᠮᠥᠨ ᠦᠶ᠎ᠡ ᠲᠡᠢ ᠬᠠᠷᠢᠴᠠᠭᠤᠯᠬᠤ ᠳᠤ 2.4 ᠳᠠᠬᠢᠨ ᠪᠤᠶᠤ 16443.4 ᠲᠣᠨ ᠢᠶᠠᠷ ᠥᠰᠦᠭᠰᠡᠨ ᠦᠵᠡᠭᠦᠯᠦᠯᠲᠡ ᠭᠠᠷᠴᠠᠢ᠃
ᠮᠣᠩᠭᠣᠯ ᠤᠯᠤᠰ ᠣᠳᠣ ᠶᠢᠨ ᠪᠠᠶᠢᠳᠠᠯ ᠢᠶᠠᠷ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠬᠠᠰᠠᠺᠰᠲ᠋ᠠᠨ᠂ ᠶᠠᠫᠣᠨ᠂ ᠢᠷᠡᠨ᠂ ᠺᠠᠲ᠋ᠠᠷ ᠤᠯᠤᠰ ᠲᠤ ᠮᠢᠬ᠎ᠠ ᠡᠺᠰᠫᠣᠷᠲᠯᠠᠵᠤ ᠪᠠᠶᠢᠭ᠎ᠠ ᠪᠥᠭᠡᠳ ᠸᠢᠶᠧᠲ᠋ᠨᠠᠮ᠂ ᠺᠦᠸᠠᠶᠢᠲ᠂ ᠬᠣᠩᠺᠣᠩ᠂ ᠦᠽᠪᠸᠺᠰᠲ᠋ᠠᠨ ᠤᠯᠤᠰ ᠲᠤ ᠮᠢᠬ᠎ᠠ ᠡᠺᠰᠫᠣᠷᠲᠯᠠᠬᠤ ᠲᠠᠯ᠎ᠠ ᠪᠠᠷ ᠶᠠᠷᠢᠶ᠎ᠠ ᠬᠡᠯᠡᠯᠴᠡᠭᠡ ᠬᠢᠵᠦ ᠪᠠᠶᠢᠨ᠎ᠠ᠃ ᠡᠶᠢᠨᠬᠦ ᠮᠢᠬᠠᠨ ᠤ ᠡᠺᠰᠫᠣᠷᠲ ᠨᠡᠮᠡᠭᠳᠡᠭᠰᠡᠨ ᠨᠢ ᠬᠦᠨᠡᠰᠦᠨ ᠦ ᠪᠦᠲᠦᠭᠡᠭᠳᠡᠬᠦᠨ ᠦᠢᠯᠡᠳᠪᠦᠷᠢᠯᠡᠯ ᠦᠨ ᠦᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠵᠦ᠂ ᠨᠡᠮᠡᠭᠦᠦ ᠥᠷᠲᠡᠭ ᠰᠢᠩᠭᠡᠭᠰᠡᠨ ᠪᠦᠲᠦᠭᠡᠭᠳᠡᠬᠦᠨ ᠡᠺᠰᠫᠣᠷᠲᠯᠠᠬᠤ ᠪᠣᠯᠤᠮᠵᠢ ᠶᠢ ᠪᠦᠷᠢᠳᠦᠭᠦᠯᠬᠦ ᠂ ᠮᠥᠨ ᠪᠣᠯᠪᠠᠰᠤᠷᠠᠭᠤᠯᠬᠤ ᠦᠢᠯᠡᠳᠪᠦᠷᠢᠯᠡᠯ ᠢ ᠣᠯᠠᠨ ᠤᠯᠤᠰ ᠤᠨ ᠰᠲ᠋ᠠᠨᠳᠠᠷᠲ ᠲᠤ ᠨᠡᠶᠢᠴᠡᠭᠦᠯᠦᠨ ᠬᠥᠭᠵᠢᠭᠦᠯᠵᠦ᠂ ᠬᠦᠨᠡᠰᠦ ᠡᠺᠰᠫᠣᠷᠲᠯᠠᠭᠴᠢ ᠣᠷᠣᠨ ᠪᠣᠯᠬᠤ ᠵᠠᠰᠠᠭ ᠤᠨ ᠭᠠᠵᠠᠷ ᠤᠨ ᠪᠣᠳᠣᠯᠭ᠎ᠠ ᠶᠢᠨ ᠦᠷ᠎ᠡ ᠳ᠋ᠦᠩ ᠭᠠᠷᠴᠤ᠂ ︽ᠮᠢᠬ᠎ᠠ᠂ ᠰᠦᠨ ᠦ ᠠᠩᠬᠠᠳᠤᠭᠠᠷ ᠠᠶᠠᠨ ︾ ᠠᠮᠵᠢᠯᠲᠠᠲᠠᠢ ᠬᠡᠷᠡᠭᠵᠢᠵᠦ ᠪᠤᠢ ᠶᠢᠨ ᠢᠯᠡᠷᠡᠯ ᠭᠡᠵᠦ ᠦᠵᠡᠵᠦ ᠪᠠᠶᠢᠨ᠎ᠠ᠃
ᠮ ᠂ ᠠᠮᠤᠷᠵᠢᠷᠭᠠᠯ