ᠤᠷᠭᠤᠴᠠ ᠬᠤᠷᠢᠶᠠᠯᠲᠠ 42 ᠬᠤᠪᠢ ᠲᠠᠢ ᠪᠠᠶᠢᠨ᠎ᠠ | News.MN

ᠤᠷᠭᠤᠴᠠ ᠬᠤᠷᠢᠶᠠᠯᠲᠠ 42 ᠬᠤᠪᠢ ᠲᠠᠢ ᠪᠠᠶᠢᠨ᠎ᠠ

ᠶᠢᠰᠦᠳᠦᠭᠡᠷ ᠰᠠᠷ᠎ᠠ ᠶᠢᠨ 28 ᠍ ᠤ ᠪᠠᠶᠢᠳᠠᠯ ᠢᠶᠠᠷ ᠤᠯᠤᠰ ᠤᠨ ᠬᠡᠮᠵᠢᠶᠡᠨ ᠳᠦ ᠤᠷᠭᠤᠴᠠ ᠬᠤᠷᠢᠶᠠᠯᠲᠠ ᠳᠤᠮᠳᠠᠴᠢ ᠪᠠᠷ 42 ᠬᠤᠪᠢ ᠲᠠᠢ ᠶᠠᠪᠤᠭᠳᠠᠵᠤ ᠪᠠᠶᠢᠨ᠎ᠠ᠃ ᠨᠠᠷᠢᠪᠴᠢᠯᠠᠪᠠᠯ᠂ 33.3 ᠮᠢᠩᠭᠠᠨ ᠭᠠ ᠶᠢ ᠠᠩᠭᠢᠯᠠᠨ ᠬᠠᠳᠤᠵᠤ᠂ 75.3 ᠮᠢᠩᠭᠠᠨ ᠭᠠ ᠠᠴᠠ 107.6 ᠮᠢᠩᠭᠠᠨ ᠲᠣᠨ ᠦᠷ᠎ᠡ ᠲᠠᠷᠢᠶ᠎ᠠ᠂ 10.5 ᠮᠢᠩᠭᠠᠨ ᠭᠠ ᠠᠴᠠ 125.7 ᠮᠢᠩᠭᠠᠨ ᠲᠣᠨ ᠲᠥᠮᠥᠰᠥ᠂ 6 ᠮᠢᠩᠭᠠᠨ ᠭᠠ ᠠᠴᠠ 67.7 ᠮᠢᠩᠭᠠᠨ ᠲᠣᠨ ᠬᠦᠨᠡᠰᠦᠨ ᠦ ᠨᠣᠭᠣᠭ᠎ᠠ᠂ 11.8 ᠮᠢᠩᠭᠠᠨ ᠭᠠ ᠠᠴᠠ 33.3 ᠮᠢᠩᠭᠠᠨ ᠲᠣᠨ ᠲᠡᠵᠢᠭᠡᠯ᠂ 6.3 ᠮᠢᠩᠭᠠᠨ ᠭᠠ ᠠᠴᠠ 5 ᠮᠢᠩᠭᠠᠨ ᠲᠣᠨ ᠲᠣᠰᠤᠨ ᠤ ᠤᠷᠭᠤᠮᠠᠯ ᠲᠤᠰ ᠲᠤᠰ ᠬᠤᠷᠢᠶᠠᠨ ᠠᠪᠴᠠᠢ᠃ ᠡᠨᠡ ᠨᠢ ᠦᠷ᠎ᠡ ᠲᠠᠷᠢᠶᠠᠨ ᠤ 22 ᠬᠤᠪᠢ᠂ ᠲᠥᠮᠦᠰᠦᠨ ᠦ 81.1 ᠬᠤᠪᠢ᠂ ᠬᠦᠨᠡᠰᠦᠨ ᠦ ᠨᠣᠭᠣᠭᠠᠨ ᠤ 73 ᠬᠤᠪᠢ᠂ ᠲᠡᠵᠢᠭᠡᠯ ᠦᠨ 21 ᠬᠤᠪᠢ᠂ ᠲᠣᠰᠤᠨ ᠤ ᠤᠷᠭᠤᠮᠠᠯ ᠤᠨ 11 ᠬᠤᠪᠢ  ᠶᠢ ᠲᠤᠰ ᠲᠤᠰ ᠬᠤᠷᠢᠶᠠᠨ ᠠᠪᠤᠭᠠᠳ ᠪᠠᠶᠢᠭ᠎ᠠ ᠦᠵᠡᠭᠦᠯᠦᠯᠲᠡ ᠶᠤᠮ᠃
ᠴᠠᠭ ᠠᠭᠠᠷ ᠤᠨ ᠬᠦᠨᠳᠦᠷᠡᠯ ᠦᠨ ᠤᠯᠠᠮ ᠠᠴᠠ ᠡᠭᠦᠰᠦᠭᠰᠡᠨ ᠨᠥᠬᠥᠴᠡᠯ ᠪᠠᠶᠢᠳᠠᠯ ᠲᠠᠢ ᠤᠶᠠᠯᠳᠤᠭᠤᠯᠤᠨ ᠲᠠᠷᠢᠶᠠᠯᠠᠩ ᠡᠷᠬᠢᠯᠡᠯᠲᠡ ᠶᠢ ᠳᠡᠮᠵᠢᠬᠦ ᠰᠠᠩ ᠰᠠᠯᠪᠤᠷᠢ ᠨᠤᠭᠤᠳ ᠲᠤ ᠪᠠᠨ ᠰᠢᠲᠠᠬᠤᠨ ᠢ 50  ᠬᠤᠪᠢ ᠶᠢᠨ ᠤᠷᠢᠳᠴᠢᠯᠠᠭ᠎ᠠ ᠲᠠᠢ ᠵᠢᠭᠡᠯᠡ ᠪᠡᠷ ᠣᠯᠭᠤᠵᠤ᠂ ᠦᠲᠦᠷᠮ᠎ᠡ ᠳᠡᠭᠡᠷ᠎ᠡ ᠬᠦᠨᠡᠰᠦᠨ ᠦ ᠪᠤᠭᠤᠳᠠᠢ ᠶᠢ ᠰᠢᠭᠤᠷᠬᠠᠢ ᠲᠠᠲᠠᠨ ᠠᠪᠬᠤ᠂ ᠨᠠᠯᠠᠭᠰᠠᠨ ᠲᠠᠷᠢᠶ᠎ᠠ ᠬᠤᠷᠢᠶᠠᠬᠤ ᠡᠰᠢ ᠡᠷᠭᠦᠭᠴᠢ ᠶᠢ ᠣᠷᠣᠰ ᠬᠣᠯᠪᠣᠭᠠᠨ ᠤ ᠤᠯᠤᠰ ᠠᠴᠠ ᠠᠪᠴᠤ ᠪᠠᠶᠢᠭ᠎ᠠ ᠠᠵᠠᠢ ᠃
ᠤᠷᠭᠤᠴᠠ ᠬᠤᠷᠢᠶᠠᠯᠲᠠ ᠶᠢᠨ ᠠᠵᠢᠯ ᠵᠢᠭᠳᠡᠷᠡᠭᠰᠡᠨ ᠡᠨᠡ ᠦᠶ᠎ᠡ ᠳᠦ ᠲᠠᠷᠢᠶᠠᠯᠠᠩ ᠤᠨ ᠲᠠᠯᠠᠪᠠᠢ ᠶᠢ ᠮᠠᠯ ᠤᠨ ᠬᠥᠯ ᠡᠴᠡ ᠬᠠᠮᠠᠭᠠᠯᠠᠬᠤ᠂ ᠮᠠᠯ ᠢ ᠪᠠᠶᠢᠩᠭᠤ ᠶᠢᠨ ᠬᠠᠷᠢᠭᠤᠯᠭ᠎ᠠ ᠮᠠᠯᠯᠠᠭ᠎ᠠ ᠲᠠᠢ ᠪᠠᠶᠢᠯᠭᠠᠬᠤ᠂ ᠮᠠᠯᠴᠢᠳ ᠢ ᠠᠷᠪᠠᠳᠤᠭᠠᠷ ᠰᠠᠷ᠎ᠠ ᠶᠢᠨ 15 ᠬᠦᠷᠲᠡᠯ᠎ᠡ ᠲᠠᠷᠢᠶᠠᠯᠠᠩ ᠤᠨ ᠲᠠᠯᠠᠪᠠᠢ ᠠᠴᠠ 15 ᠺᠢᠯᠣᠮᠧᠲ᠋ᠷ ᠦᠨ ᠠᠯᠤᠰ ᠲᠤ ᠨᠠᠮᠤᠷᠵᠢᠭᠤᠯᠬᠤ᠂ ᠬᠤᠷᠢᠶᠠᠯᠲᠠ ᠶᠢᠨ ᠠᠵᠢᠯ ᠳᠤ ᠣᠶᠤᠲᠠᠨ ᠰᠤᠷᠤᠭᠴᠢᠳ ᠢ ᠲᠠᠲᠠᠨ ᠣᠷᠤᠯᠴᠠᠭᠤᠯᠬᠤ ᠠᠵᠢᠯ ᠢ ᠦᠷ᠎ᠡ ᠳ᠋ᠦᠩ ᠲᠡᠢ ᠵᠣᠬᠢᠶᠠᠨ ᠪᠠᠶᠢᠭᠤᠯᠬᠤ ᠲᠤᠬᠠᠢ ᠴᠢᠭᠯᠡᠯ ᠢ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠰᠠᠶᠢᠳ᠂ ᠤᠯᠤᠰ ᠤᠨ ᠤᠷᠭᠤᠴᠠ ᠶᠢᠨ ᠺᠣᠮᠢᠰ ᠤᠨ ᠳᠠᠷᠤᠭ᠎ᠠ ᠪ∙ᠪᠠᠲᠤᠽᠣᠷᠢᠭ ᠥᠭᠭᠦᠭᠰᠡᠨ᠃ ᠤᠭ ᠠᠯᠪᠠᠨ ᠲᠣᠭᠠᠲᠤ ᠶᠢᠨ ᠬᠡᠷᠡᠭᠵᠢᠯᠲᠡ ᠶᠢ ᠬᠠᠩᠭᠠᠬᠤ ᠵᠣᠷᠢᠯᠭ᠎ᠠ ᠪᠠᠷ ᠠᠶᠢᠮᠠᠭ᠂ ᠰᠤᠮᠤ ᠶᠢᠨ ᠲᠦᠪᠰᠢᠨ ᠳᠦ ᠲᠤᠰᠬᠠᠢ ᠠᠵᠢᠯ ᠤᠨ ᠬᠡᠰᠡᠭ ᠪᠠᠶᠢᠭᠤᠯᠤᠭᠳᠠᠨ ᠠᠵᠢᠯᠯᠠᠵᠤ᠂ ᠲᠤᠯᠭᠠᠮᠳᠠᠭᠰᠠᠨ ᠵᠠᠷᠢᠮ ᠠᠰᠠᠭᠤᠳᠠᠯ ᠢ ᠰᠢᠭᠤᠷᠬᠠᠢ ᠰᠢᠢᠳᠪᠦᠷᠢᠯᠡᠵᠦ ᠪᠠᠶᠢᠭ᠎ᠠ ᠶᠤᠮ᠃
ᠡᠬᠢ ᠰᠤᠷᠪᠤᠯᠵᠢ᠄  ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ

ᠰᠡᠳᠬᠢᠭᠳᠡᠯ ᠦᠯᠡᠳᠡᠭᠡᠬᠦ