ᠠᠪᠯᠢᠭ᠎ᠠ ᠲᠠᠢ ᠲᠡᠮᠡᠴᠡᠬᠦ ᠭᠠᠵᠠᠷ᠍ ᠤᠨ ᠳᠠᠷᠤᠭ᠎ᠠ ᠶᠢ ᠴᠢᠯᠦᠭᠡᠯᠡᠪᠡᠯ ᠬᠠᠤᠯᠢ ᠵᠥᠷᠢᠴᠡᠨ᠎ᠡ | News.MN

ᠠᠪᠯᠢᠭ᠎ᠠ ᠲᠠᠢ ᠲᠡᠮᠡᠴᠡᠬᠦ ᠭᠠᠵᠠᠷ᠍ ᠤᠨ ᠳᠠᠷᠤᠭ᠎ᠠ ᠶᠢ ᠴᠢᠯᠦᠭᠡᠯᠡᠪᠡᠯ ᠬᠠᠤᠯᠢ ᠵᠥᠷᠢᠴᠡᠨ᠎ᠡ

ᠤᠯᠤᠰ ᠤᠨ ᠶᠡᠬᠡ ᠬᠤᠷᠠᠯ ᠤᠨ ᠬᠠᠪᠤᠷ ᠤᠨ ᠴᠢᠭᠤᠯᠭᠠᠨ ᠥᠨᠥᠳᠥᠷ ᠨᠡᠭᠡᠭᠡᠯᠲᠡ ᠪᠡᠨ ᠬᠢᠯ᠎ᠡ᠃ ᠴᠢᠭᠤᠯᠭᠠᠨ ᠵᠠᠪᠰᠠᠷᠯᠠᠬᠤ ᠬᠤᠭᠤᠴᠠᠭᠠᠨ ᠳᠤ ᠨᠡᠷ᠎ᠡ ᠪᠦᠬᠦᠢ ᠭᠡᠰᠢᠭᠦᠳ ᠡᠭᠡᠯᠵᠢᠲᠦ ᠪᠤᠰᠤ ᠴᠢᠭᠤᠯᠭᠠᠨ ᠵᠠᠷᠯᠠᠬᠤ ᠶᠢ ᠱᠠᠭᠠᠷᠳᠠᠭᠰᠠᠨ᠃ ᠲᠡᠳᠡ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ ᠬ∙ᠡᠩᠬᠡᠵᠢᠷᠭᠠᠯ ᠳᠤ ᠬᠠᠷᠢᠭᠤᠴᠠᠯᠭ᠎ᠠ ᠲᠣᠭᠠᠴᠠᠬᠤ᠂ 60 ᠲᠡᠷᠪᠤᠮ ᠤᠨ ᠪᠢᠴᠢᠯᠭᠡ ᠲᠡᠢ ᠬᠣᠯᠪᠣᠭ᠎ᠠ ᠲᠠᠢ ᠨᠡᠭᠡᠭᠡᠯᠲᠡ ᠲᠡᠢ ᠰᠣᠨᠣᠰᠬᠠᠯ ᠶᠠᠪᠤᠭᠤᠯᠬᠤ ᠨᠢ ᠵᠦᠢᠲᠡᠢ ᠭᠡᠵᠦ ᠦᠵᠡᠭᠰᠡᠨ᠃ ᠲᠤᠬᠠᠢ ᠶᠢᠨ ᠦᠶ᠎ᠡ ᠳᠦ ᠶᠡᠷᠦᠩᠬᠡᠶᠢᠯᠡᠭᠴᠢ ᠭᠡᠰᠢᠭᠦᠳ ᠦᠨ ᠱᠠᠭᠠᠷᠳᠠᠯᠭ᠎ᠠ ᠶᠢ ᠳᠡᠮᠵᠢᠭᠰᠡᠨ ᠰᠠᠨᠠᠯ ᠢᠶᠠᠨ ᠴᠤ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠬᠦᠷᠭᠡᠭᠦᠯᠦᠭᠰᠡᠨ ᠪᠢᠯᠡ᠃ ᠲᠡᠭᠡᠪᠡᠯ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠵᠥᠪᠯᠡᠯ ᠳᠡᠭᠡᠷᠡᠬᠢ ᠠᠰᠠᠭᠤᠳᠠᠯ ᠢ ᠬᠡᠯᠡᠯᠴᠡᠭᠡᠳ᠂ ᠬᠠᠤᠯᠢ ᠵᠦᠢ ᠶᠢᠨ ᠪᠠᠶᠢᠩᠭᠤ ᠶᠢᠨ ᠬᠣᠷᠢᠶ᠎ᠠ ᠶᠢ ᠬᠤᠷᠠᠯᠳᠤᠭᠤᠯᠬᠤ ᠨᠢ ᠵᠦᠢᠲᠡᠢ ᠭᠡᠵᠦ ᠦᠵᠡᠭᠰᠡᠨ᠃ ᠭᠡᠪᠡᠴᠦ ᠪᠠᠶᠢᠩᠭᠤ ᠶᠢᠨ ᠬᠣᠷᠢᠶᠠᠨ ᠤ ᠢᠷᠡᠴᠡ ᠬᠦᠷᠬᠦ ᠦᠭᠡᠢ ᠪᠠᠶᠢᠭᠰᠠᠭᠠᠷ ᠥᠨᠥ ᠶᠢ ᠬᠦᠷᠦᠭᠰᠡᠨ ᠶᠤᠮ᠃ ᠢᠩᠭᠢᠭᠡᠳ ᠳᠡᠭᠡᠷᠡᠬᠢ ᠠᠰᠠᠭᠤᠳᠠᠯ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠬᠠᠷᠢᠭᠤᠯᠲᠠ ᠥᠭᠭᠦᠯ᠎ᠡ᠃

ᠲᠡᠷᠡ ᠪᠡᠷ ᠄ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠵᠠᠪᠰᠠᠷᠯᠠᠭᠠᠨ ᠤ ᠬᠤᠭᠤᠴᠠᠭᠠᠨ ᠳᠤ ᠨᠡᠷ᠎ᠡ ᠪᠦᠬᠦᠢ ᠭᠡᠰᠢᠭᠦᠳ ᠡᠴᠡ ᠡᠭᠡᠯᠵᠢᠲᠦ ᠪᠤᠰᠤ ᠴᠢᠭᠤᠯᠭᠠᠨ ᠵᠠᠷᠯᠠᠨ ᠬᠤᠷᠠᠯᠳᠤᠭᠤᠯᠬᠤ ᠱᠠᠭᠠᠷᠳᠠᠯᠭ᠎ᠠ᠂ ᠮᠣᠩᠭᠣᠯ ᠤᠯᠤᠰ ᠤᠨ ᠶᠡᠷᠦᠩᠬᠡᠶᠢᠯᠡᠭᠴᠢ ᠡᠴᠡ ᠭᠡᠰᠢᠭᠦᠳ ᠦᠨ ᠱᠠᠭᠠᠷᠳᠠᠯᠭ᠎ᠠ ᠶᠢ ᠳᠡᠮᠵᠢᠭᠰᠡᠨ ᠰᠠᠨᠠᠯ ᠢᠷᠡᠭᠦᠯᠦᠭᠰᠡᠨ᠃ ᠲᠣᠪᠴᠢᠬᠠᠨ ᠳᠤ ᠪᠠᠨ ᠡᠭᠡᠯᠵᠢᠲᠦ ᠪᠤᠰᠤ ᠴᠢᠭᠤᠯᠭᠠᠨ ᠢᠶᠠᠷ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ ᠶᠢ ᠲᠣᠮᠢᠯᠠᠭᠰᠠᠨ ᠤᠯᠤᠰ ᠤᠨ ᠶᠡᠬᠡ ᠬᠤᠷᠠᠯ

ᠤᠨ ᠲᠣᠭᠲᠠᠭᠠᠯ ᠢ ᠬᠦᠴᠦᠨ ᠦᠭᠡᠢ ᠪᠣᠯᠭᠠᠬᠤ ᠰᠠᠨᠠᠯ ᠲᠠᠯᠪᠢᠭᠰᠠᠨ᠃
ᠠᠪᠯᠢᠭ᠎ᠠ ᠶᠢᠨ ᠡᠰᠡᠷᠭᠦ ᠬᠠᠤᠯᠢ ᠪᠠᠷ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ᠂ ᠳᠡᠳ᠋ ᠳᠠᠷᠤᠭ᠎ᠠ ᠶᠢ ᠴᠢᠯᠦᠭᠡᠯᠡᠬᠦ᠂ ᠤᠭᠴᠠᠷᠠᠭᠤᠯᠬᠤ ᠲᠣᠳᠣᠷᠬᠠᠢ ᠦᠨᠳᠦᠰᠦᠯᠡᠯ ᠦᠳ ᠢ ᠬᠠᠤᠯᠢᠴᠢᠯᠠᠨ ᠵᠢᠭᠠᠭᠠᠳ᠂ ᠬᠠᠤᠯᠢ ᠳᠤ ᠵᠢᠭᠠᠭᠰᠠᠨ ᠠᠴᠠ ᠪᠤᠰᠤᠳ ᠦᠨᠳᠦᠰᠦᠯᠡᠯ ᠢᠶᠡᠷ ᠴᠢᠯᠦᠭᠡᠯᠡᠬᠦ᠂  ᠤᠭᠴᠠᠷᠠᠭᠤᠯᠬᠤ ᠶᠢ ᠬᠣᠷᠢᠭᠯᠠᠭᠰᠠᠨ ᠪᠠᠶᠢᠳᠠᠭ᠃ ᠵᠥᠪᠬᠡᠨ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ ᠶᠢ ᠴᠤ ᠪᠢᠰᠢ᠂ ᠲᠥᠷᠥ ᠶᠢᠨ ᠠᠯᠢ ᠴᠤ ᠱᠠᠲᠤᠨ ᠤ᠂ ᠶᠠᠮᠠᠷ ᠴᠤ ᠠᠯᠪᠠᠨ ᠲᠤᠰᠢᠶᠠᠯᠲᠠᠨ ᠢ ᠵᠥᠪᠬᠡᠨ ᠬᠠᠤᠯᠢ ᠳᠤ ᠵᠢᠭᠠᠭᠰᠠᠨ ᠦᠨᠳᠦᠰᠦᠯᠡᠯ ᠢᠶᠡᠷ ᠯᠠ ᠠᠯᠪᠠᠨ ᠲᠤᠰᠢᠶᠠᠯ ᠠᠴᠠ ᠨᠢ ᠴᠢᠯᠦᠭᠡᠯᠡᠵᠦ᠂ ᠤᠭᠴᠠᠷᠠᠭᠤᠯᠳᠠᠭ ᠡᠷᠬᠡ ᠵᠦᠢ ᠶᠢᠨ ᠤᠷᠴᠢᠨ ᠳᠤ ᠪᠢᠳᠡ ᠠᠵᠢᠯᠯᠠᠵᠤ᠂ ᠠᠮᠢᠳᠤᠷᠠᠵᠤ ᠪᠠᠶᠢᠭ᠎ᠠ᠃ ᠡᠶᠢᠮᠦ ᠪᠠᠶᠢᠬᠤ ᠳᠤ ᠬᠠᠤᠯᠢ ᠲᠣᠭᠲᠠᠭᠠᠬᠤ᠂ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠪᠠᠲᠤᠯᠠᠭᠰᠠᠨ ᠬᠠᠤᠯᠢ ᠪᠠᠨ ᠥᠪᠡᠷ ᠢᠶᠡᠨ ᠵᠥᠷᠢᠴᠡᠳᠡᠭ ᠪᠠᠶᠢᠵᠤ ᠪᠣᠯᠬᠤ ᠦᠭᠡᠢ᠃
ᠥᠩᠭᠡᠷᠡᠭᠰᠡᠨ ᠬᠤᠭᠤᠴᠠᠭᠠᠨ ᠳᠤ ᠤᠭ ᠰᠠᠨᠠᠯ ᠢ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠢᠶᠡᠷ ᠬᠣᠶᠠᠷ ᠤᠳᠠᠭ᠎ᠠ ᠬᠡᠯᠡᠯᠴᠡᠭᠦᠯᠦᠭᠰᠡᠨ᠃ ᠵᠥᠪᠯᠡᠯ ᠡᠴᠡ ᠬᠠᠤᠯᠢ ᠶᠢᠨ ᠦᠨᠳᠦᠰᠦᠯᠡᠯ ᠢ ᠨᠢ ᠬᠠᠤᠯᠢ ᠵᠦᠢ ᠶᠢᠨ ᠪᠠᠶᠢᠩᠭᠤ ᠶᠢᠨ ᠬᠣᠷᠢᠶ᠎ᠠ ᠪᠠᠷ ᠬᠡᠯᠡᠯᠴᠡᠭᠰᠡᠨ ᠦ ᠳᠠᠷᠠᠭ᠎ᠠ ᠡᠭᠡᠯᠵᠢᠲᠦ ᠪᠤᠰᠤ ᠴᠢᠭᠤᠯᠭᠠᠨ ᠤ ᠲᠣᠪ ᠢ ᠲᠣᠭᠲᠠᠭᠠᠬᠤ ᠨᠢ ᠵᠦᠢᠲᠡᠢ ᠭᠡᠵᠦ ᠰᠢᠢᠳᠪᠦᠷᠢᠯᠡᠭᠰᠡᠨ ᠢ ᠬᠡᠯᠡᠶ᠎ᠡ ᠭᠡᠰᠡᠨ ᠶᠤᠮ᠃
ᠲ ᠂ ᠨᠤᠮᠢᠨ

ᠰᠡᠳᠬᠢᠭᠳᠡᠯ ᠦᠯᠡᠳᠡᠭᠡᠬᠦ