《ᠦᠨᠳᠦᠰᠦᠨ ᠬᠠᠤᠯᠢ ᠶᠢᠨ ᠡᠷᠬᠡ ᠵᠦᠢ》ᠬᠡᠪᠯᠡᠭᠳᠡᠨ ᠭᠠᠷᠤᠯ᠎ᠠ | News.MN

《ᠦᠨᠳᠦᠰᠦᠨ ᠬᠠᠤᠯᠢ ᠶᠢᠨ ᠡᠷᠬᠡ ᠵᠦᠢ》ᠬᠡᠪᠯᠡᠭᠳᠡᠨ ᠭᠠᠷᠤᠯ᠎ᠠ

ᠦᠨᠳᠦᠰᠦᠨ ᠬᠠᠤᠯᠢ ᠶᠢᠨ ᠰᠡᠴᠡ ᠶᠢᠨ ᠠᠩᠬᠠᠨ ᠤ ᠭᠡᠰᠢᠭᠦᠳ ᠦᠨ ᠨᠢᠭᠡ ᠨᠠᠸᠠᠩᠫᠡᠷᠡᠩᠯᠡᠢ ᠶᠢᠨ  ᠵᠠᠩᠴᠠᠨ ᠤ ︽ᠦᠨᠳᠦᠰᠦᠨ ᠬᠠᠤᠯᠢ ᠶᠢᠨ ᠡᠷᠬᠡ ᠵᠦᠢ︾ ᠬᠡᠮᠡᠬᠦ ᠭᠠᠷ ᠤᠨ ᠠᠪᠤᠯᠭ᠎ᠠ ᠬᠡᠪᠯᠡᠭᠳᠡᠨ ᠭᠠᠷᠤᠯ᠎ᠠ᠃ ᠡᠨᠡᠬᠦ ᠭᠠᠷ ᠤᠨ ᠠᠪᠤᠯᠭ᠎ᠠ ᠳᠤ᠂ ᠦᠨᠳᠦᠰᠦᠨ ᠬᠠᠤᠯᠢ ᠶᠢᠨ ᠡᠷᠬᠡ ᠵᠦᠢ ᠶᠢᠨ ᠰᠢᠨᠵᠢᠯᠡᠬᠦ ᠤᠬᠠᠭᠠᠨ ᠤ ᠰᠤᠳᠤᠯᠤᠭᠳᠠᠬᠤᠨ ᠳᠤ ᠬᠠᠮᠢᠶᠠᠷᠬᠤ ᠰᠡᠳᠦᠪ ᠦᠨ ᠠᠭᠤᠯᠭ᠎ᠠ᠂ ᠰᠢᠨᠵᠢ ᠴᠢᠨᠠᠷ ᠢ ᠬᠠᠷᠠᠭᠤᠯᠤᠭᠰᠠᠨ ᠣᠯᠠᠨ ᠲᠣᠭᠠᠨ ᠤ ᠠᠩᠭᠢᠯᠠᠯᠲᠠ ᠂ ᠪᠦᠯᠦᠭᠯᠡᠯᠲᠡ ᠬᠢᠵᠦ᠂ ᠲᠣᠳᠣᠷᠬᠠᠶᠢᠯᠠᠯᠲᠠ ᠥᠭᠭᠦᠭᠰᠡᠨ ᠨᠢ ᠡᠨᠡ ᠪᠦᠲᠦᠭᠡᠯ ᠦᠨ ᠰᠢᠨᠵᠢᠯᠡᠬᠦ ᠤᠬᠠᠭᠠᠨ ᠤ ᠦᠨ᠎ᠡ ᠴᠡᠨ᠎ᠡ ᠶᠢ ᠨᠡᠮᠡᠭᠳᠡᠭᠦᠯᠵᠦ ᠪᠠᠶᠢᠭ᠎ᠠ ᠶᠢ ᠦᠨᠳᠦᠰᠦᠨ ᠬᠠᠤᠯᠢ ᠶᠢᠨ ᠰᠡᠴᠡ ᠶᠢᠨ ᠳᠠᠷᠤᠭ᠎ᠠ ᠳ∙ᠤᠳᠤᠪᠠᠶᠠᠷ ᠨᠣᠮ ᠤᠨ ᠡᠮᠦᠨᠡᠳᠭᠡᠯ ᠦᠭᠡᠨ ᠳᠦ ᠪᠡᠨ ᠳᠤᠷᠠᠳᠤᠭᠠᠳ ᠭᠠᠷ ᠤᠨ ᠠᠪᠤᠯᠭ᠎ᠠ ᠶᠢ ᠦᠨᠳᠦᠰᠦᠨ ᠬᠠᠤᠯᠢ ᠶᠢᠨ ᠡᠷᠬᠡ ᠵᠦᠢ ᠶᠢᠨ ᠰᠢᠨᠵᠢᠯᠡᠬᠦ ᠤᠬᠠᠭᠠᠨ ᠤ ᠣᠨᠣᠯ᠂ ᠫᠷᠠᠺᠲ᠋ᠢᠭ ᠳᠡᠭᠡᠷ᠎ᠡ 26 ᠵᠢᠯ ᠲᠠᠰᠤᠷᠠᠯᠲᠠ ᠦᠭᠡᠢ ᠠᠵᠢᠯᠯᠠᠭᠰᠠᠨ ᠮᠣᠩᠭᠣᠯ ᠤᠯᠤᠰ ᠤᠨ ᠭᠠᠪᠢᠶᠠᠲᠤ ᠬᠠᠤᠯᠢᠴᠢ᠂ ᠬᠠᠤᠯᠢ ᠵᠦᠢ ᠶᠢᠨ ᠤᠬᠠᠭᠠᠨ ᠤ ᠳ᠋ᠣᠺᠲ᠋ᠣᠷ᠂ ᠫᠷᠣᠹᠧᠰᠰᠣᠷ ᠨ ᠂ ᠵᠠᠩᠴᠠᠨ ᠪᠢᠴᠢᠵᠦ ᠲᠤᠭᠤᠷᠪᠢᠭᠰᠠᠨ ᠨᠢ ᠶᠡᠬᠡᠬᠡᠨ ᠣᠯᠵᠠᠭᠤᠷᠬᠠᠭᠤᠰᠢᠲᠠᠢ ᠶᠤᠮ ᠭᠡᠳᠡᠭ ᠢ ᠲᠡᠮᠳᠡᠭᠯᠡᠵᠡᠢ᠃
ᠡᠨᠡ ᠪᠦᠲᠦᠭᠡᠯ ᠳᠦ᠂ ᠦᠨᠳᠦᠰᠦᠨ ᠬᠠᠤᠯᠢ ᠶᠢᠨ ᠣᠨᠣᠯ᠂ ᠮᠣᠩᠭᠣᠯ ᠤᠯᠤᠰ ᠤᠨ ᠦᠨᠳᠦᠰᠦᠨ  ᠬᠠᠤᠯᠢᠲᠤ ᠪᠠᠶᠢᠭᠤᠯᠤᠯ ᠤᠨ ᠦᠨᠳᠦᠰᠦ᠂ ᠮᠣᠩᠭᠣᠯ ᠤᠯᠤᠰ ᠳᠠᠬᠢ ᠬᠤᠪᠢ ᠬᠦᠮᠦᠨ ᠦ ᠡᠷᠬᠡ ᠵᠦᠢ ᠶᠢᠨ ᠪᠠᠶᠢᠳᠠᠯ ᠤᠨ ᠦᠨᠳᠦᠰᠦ᠂ ᠮᠣᠩᠭᠣᠯ ᠤᠯᠤᠰ ᠤᠨ ᠪᠦᠷᠢᠨ ᠡᠷᠬᠡᠲᠦ ᠪᠠᠶᠢᠳᠠᠯ᠂ ᠮᠣᠩᠭᠣᠯ ᠤᠯᠤᠰ ᠤᠨ ᠬᠠᠤᠯᠢ ᠲᠣᠭᠲᠠᠭᠠᠬᠤ ᠡᠷᠬᠡ ᠮᠡᠳᠡᠯ᠂ ᠭᠦᠢᠴᠡᠳᠭᠡᠬᠦ ᠡᠷᠬᠡ ᠮᠡᠳᠡᠯ᠂ ᠰᠢᠭᠦᠬᠦ ᠡᠷᠬᠡ ᠮᠡᠳᠡᠯ᠂ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠬᠢᠨᠠᠯᠲᠠ᠂ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠵᠢᠷᠤᠮ ᠵᠡᠷᠭᠡ ᠦᠨᠳᠦᠰᠦᠨ ᠬᠠᠤᠯᠢ ᠶᠢᠨ ᠡᠷᠬᠡ ᠵᠦᠢ ᠶᠢᠨ ᠰᠢᠨᠵᠢᠯᠡᠬᠦ ᠤᠬᠠᠭᠠᠨ ᠤ ᠰᠤᠳᠤᠯᠤᠭᠳᠠᠬᠤᠨ ᠢ ᠰᠾᠧᠮ᠂ ᠬᠦᠰᠦᠨᠦᠭᠲᠦ ᠪᠡᠷ ᠬᠢᠯᠪᠠᠷᠴᠢᠯᠠᠨ ᠲᠠᠶᠢᠯᠪᠤᠷᠢᠯᠠᠭᠰᠠᠨ ᠪᠠᠶᠢᠨ᠎ᠠ᠃
ᠡᠬᠢ ᠰᠤᠷᠪᠤᠯᠵᠢ᠄ ᠦᠨᠳᠦᠰᠦᠨ ᠬᠠᠤᠯᠢ ᠶᠢᠨ ᠰᠡᠴᠡ

ᠰᠡᠳᠬᠢᠭᠳᠡᠯ ᠦᠯᠡᠳᠡᠭᠡᠬᠦ