ᠳᠠᠷᠬᠠᠨ ᠠᠪᠤᠷᠭᠤ ᠵ∙ᠮᠥᠩᠬᠡᠪᠠᠲᠤ ᠶᠢᠨ ᠨᠡᠷᠡᠮᠵᠢᠲᠦ ᠪᠠᠷᠢᠯᠳᠤᠭᠠᠨ ᠪᠤᠯᠪᠠ | News.MN

ᠳᠠᠷᠬᠠᠨ ᠠᠪᠤᠷᠭᠤ ᠵ∙ᠮᠥᠩᠬᠡᠪᠠᠲᠤ ᠶᠢᠨ ᠨᠡᠷᠡᠮᠵᠢᠲᠦ ᠪᠠᠷᠢᠯᠳᠤᠭᠠᠨ ᠪᠤᠯᠪᠠ

ᠴᠢᠯᠦᠭᠡᠲᠦ ᠪᠥᠬᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠍ ᠦ ᠬᠦᠷᠡᠯ᠂ ᠤᠯᠢᠮᠫᠢᠺ ᠤᠨ ᠨᠠᠭᠠᠳᠤᠮ ᠤᠨ ᠮᠥᠩᠭᠥᠨ ᠮᠸᠳᠠᠯᠲᠤ ᠂ ᠬᠥᠳᠡᠯᠮᠦᠷᠢ ᠶᠢᠨ ᠪᠠᠭᠠᠲᠤᠷ᠂ ᠮᠣᠩᠭᠣᠯ ᠤᠯᠤᠰ ᠤᠨ ᠭᠠᠪᠢᠶᠠᠲᠤ ᠲᠠᠮᠢᠷᠴᠢᠨ᠂ ᠳᠠᠷᠬᠠᠨ ᠠᠪᠤᠷᠭᠤ ᠵᠢᠭᠵᠢᠳ ᠦᠨ ᠮᠥᠩᠬᠡᠪᠠᠲᠤ ᠶᠢᠨ ᠨᠡᠷᠡᠮᠵᠢᠲᠦ ᠪᠠᠷᠢᠯᠳᠤᠭᠠᠨ 09.30 ᠳᠤ ᠲᠡᠭᠦᠨ ᠦ ᠲᠦᠷᠦᠵᠦ ᠥᠰᠦᠭᠰᠡᠨ ᠲᠥᠪ ᠠᠶᠢᠮᠠᠭ ᠤᠨ  ᠡᠷᠳᠡᠨᠢᠰᠠᠩᠲᠤ ᠰᠤᠮᠤᠨ ᠳᠤ ᠪᠣᠯᠵᠤ ᠥᠨᠳᠥᠷᠯᠡᠪᠡ᠃
ᠲᠤᠰ ᠪᠠᠷᠢᠯᠳᠤᠭᠠᠨ ᠳᠤ ᠤᠯᠤᠰ᠂ ᠠᠶᠢᠮᠠᠭ ᠤᠨ ᠠᠯᠳᠠᠷ ᠴᠣᠯᠠ ᠲᠠᠢ 32 ᠪᠥᠬᠡ ᠬᠦᠴᠦ ᠰᠣᠷᠢᠭᠰᠠᠨ ᠠᠴᠠ ᠬᠣᠪᠳᠣ ᠠᠶᠢᠮᠠᠭ ᠤᠨ ᠵᠡᠷᠭᠡ ᠰᠤᠮᠤ ᠶᠢᠨ ᠬᠠᠷᠢᠶᠠᠲᠤ᠂ ᠤᠯᠤᠰ ᠤᠨ ᠬᠠᠷᠴᠠᠭᠠᠢ ᠪ∙ᠪᠠᠲᠤ-ᠥᠯᠵᠡᠢ ᠲᠠᠪᠤ ᠳᠠᠪᠠᠨ ᠲᠦᠷᠦᠭᠦᠯᠡᠵᠦ᠂ ᠵᠠᠪᠬᠠᠨ ᠠᠶᠢᠮᠠᠭ ᠤᠨ ᠶᠡᠬᠡᠠᠭᠤᠯᠠ ᠰᠤᠮᠤ ᠶᠢᠨ ᠬᠠᠷᠢᠶᠠᠲᠤ᠂ ᠤᠯᠤᠰ ᠤᠨ ᠨᠠᠴᠢᠨ ᠪ∙ᠴᠢᠮᠡᠳᠸᠠᠩᠳᠠᠨ ᠳᠥᠷᠪᠡ ᠳᠠᠪᠠᠨ ᠦᠵᠦᠭᠦᠷᠯᠡᠪᠡ᠃
ᠶᠡᠬᠡ ᠰᠢᠪᠦᠭᠡ ᠳᠦ ᠲᠥᠪ ᠠᠶᠢᠮᠠᠭ ᠤᠨ ᠤᠭᠲᠤᠭᠠᠯᠴᠠᠶᠢᠳᠠᠮ ᠰᠤᠮᠤ ᠶᠢᠨ ᠬᠠᠷᠢᠶᠠᠲᠤ᠂ ᠠᠶᠢᠮᠠᠭ ᠤᠨ ᠬᠤᠷᠴᠠ ᠠᠷᠰᠯᠠᠨ ᠭ ᠂ ᠦᠰᠬᠦᠪᠠᠶᠠᠷ᠂ ᠲᠥᠪ ᠠᠶᠢᠮᠠᠭ ᠤᠨ ᠪᠠᠶᠠᠨᠴᠢᠨᠳᠠᠮᠤᠨᠢ ᠰᠤᠮᠤ ᠶᠢᠨ ᠬᠠᠷᠢᠶᠠᠲᠤ᠂ ᠠᠶᠢᠮᠠᠭ ᠤᠨ ᠬᠤᠷᠴᠠ ᠠᠷᠰᠯᠠᠨ ᠡ᠊∙ᠤᠤᠭᠠᠨᠪᠠᠶᠠᠷ ᠨᠠᠷ ᠲᠤᠰ ᠲᠤᠰ ᠰᠢᠯᠭᠠᠷᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ